ᠮᠠᠨ ᠤ ᠰᠢᠶᠠᠨ ᠤ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠢ ᠲᠣᠭᠲᠠᠭᠤᠨ ᠢᠶᠠᠷ  ᠶᠠᠪᠤᠭᠳᠠᠭᠤᠯᠪᠠ
ᠨᠡᠶᠢᠲᠡᠯᠡᠭᠰᠡᠨ ᠴᠠᠭ᠄
2024/2/18
     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠰᠢᠩ ᠡᡁᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠢᠳᠡᠰᠢᠨ ᠨᠣᠭᠤᠭ᠎ᠠ ᠶᠢᠨ ᠦᠨ᠎ᠡ᠂ ᠮᠢᠬᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠢᠳᠡᠭᠡᠨ ᠤ ᠵᠦᠢᠯ᠂ ᠡᠮ ᠤᠨ ᠵᠦᠢᠯ ᠵᠡᠷᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠮᠴᠢᠯᠡᠭᠡᠨ ᠤ ᠡᠳ᠋ ᠪᠠᠷᠠᠭᠠᠨ ᠤ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ᠂ ᠪᠠᠷᠠᠭ᠎ᠠ ᠶᠢ ᠨᠥᠭᠡᠴᠡᠯᠡᠵᠦ ᠵᠠᠪᠰᠢᠨ ᠬᠤᠨᠵᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠬᠡᠷᠡᠭᠵᠢᠭᠦᠯᠬᠦ ᠶᠢ ᠪᠠᠷᠢᠮᠲᠠᠯᠠᠵᠤ᠂ ᠲᠤᠰᠬᠠᠢ ᠬᠥᠮᠦᠨ ᠵᠢᠭᠠᠨ ᠲᠣᠭᠲᠠᠭᠠᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠭᠤᠯᠪᠠ᠃ 12315 ᠵᠢᠯᠣᠭᠤᠳᠬᠤ ᠲᠥᠪ ᠠᠴᠠ ᠵᠢᠵᠢᠭᠦᠷᠯᠡᠭᠴᠢ ᠲᠣᠬᠢᠷᠠᠭᠤᠯᠵᠤ ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠤᠷᠢᠯᠡᠬᠦ ᠠᠵᠢᠯ ᠢ ᠬᠠᠷᠢᠭᠤᠴᠠᠭᠤᠯᠵᠤ᠂ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ  ᠰᠢᠢᠳᠪᠤᠷᠢᠯᠡᠨ᠎ᠡ᠃      ᠠᠮᠠᠷᠠᠯᠲᠠ ᠶᠢᠨ ᠬᠤᠭᠤᠴᠠᠭᠠᠨ ᠳᠤ᠂ ᠪᠥᠬᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠡᠶᠢᠲᠡ 30 ᠬᠠᠤᠯᠢ ᠬᠡᠷᠡᠭᠵᠢᠭᠦᠯᠬᠦ ᠠᠵᠢᠯᠲᠠᠨ᠂ 15 ᠮᠠᠰᠢᠨ ᠲᠡᠷᠭᠡ᠂ 20 ᠢᠳᠡᠭᠡᠨ ᠤ ᠳᠡᠯᠭᠡᠭᠦᠷ᠂ 3 ᠬᠡᠲᠦ ᠳᠡᠯᠭᠡᠭᠦᠷ᠂ 3 ᠮᠢᠬᠠᠨ ᠤ ᠵᠤᠶᠢᠯ ᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠳᠡᠯᠭᠡᠭᠦᠷ᠂ 20 ᠢᠳᠡᠭᠡᠨ ᠤᠮᠳᠠᠭᠠᠨ ᠤ ᠤᠶᠢᠯᠡᠴᠢᠯᠡᠭᠡᠨ ᠤ ᠨᠢᠭᠡᠴᠡ ᠶᠢ ᠳᠠᠷᠠᠭᠠᠯᠠᠨ ᠪᠠᠶᠢᠴᠠᠭᠠᠵᠤ᠂ 3 ᠦᠨ᠎ᠡ ᠬᠠᠩᠰᠢ ᠶᠢᠨ ᠪᠠᠶᠢᠴᠠᠭᠠᠯᠲᠠ ᠶᠢ ᠥᠷᠨᠢᠭᠦᠯᠪᠡ᠃ ᠢᠯᠡᠴᠢᠯᠡᠨ ᠵᠠᠭᠠᠯᠳᠤᠬᠤ ᠦᠭᠡᠢ ᠪᠠᠷ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠠᠵᠢᠯᠯᠠᠭᠠᠨ ᠲᠣᠭᠲᠠᠭᠤᠨ ᠪᠠᠶᠢᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ        
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3