ᠰᠢᠩ ᠾᠧ ᠰᠢᠶᠠᠨ ᠦᠪᠡᠳᠡᠭᠰᠢ ᠦᠶ᠎ᠡ ᠶᠢᠨ ᠠᠷᠰᠯᠠᠨ ᠪᠥᠵᠢᠭ ᠤᠨ ᠴᠠᠭᠠᠨ ᠰᠠᠷ᠎ᠠ ᠶᠢᠨ ᠰᠢᠷᠢᠰ ᠰᠣᠶᠣᠯ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/19
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠰᠣᠶᠣᠯ ᠤᠨ ᠠᠮᠢᠳᠤᠷᠠᠯ ᠤᠨ ᠤᠯᠠᠨ ᠡᠰᠢᠴᠢᠯᠡᠭᠰᠡᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠪᠦᠬᠦ ᠰᠢᠶᠠᠨ ᠤ ᠠᠷᠠᠳ ᠲᠦᠮᠡᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠬᠥᠭᠵᠢᠭᠡᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠰᠢᠩ ᠡᡁᠧ ᠰᠢᠶᠠᠨ ᠤ ᠯᠣᠣ ︽ᠮᠠᠨᠳᠤᠭᠰᠠᠨ︾ ᠪᠠᠳᠠᠷᠠᠯᠲᠤ ᠦᠶ᠎ᠡ ᠶᠢᠨ ᠠᠷᠰᠯᠠᠨ ᠪᠥᠵᠢᠭᠲᠦ ᠴᠠᠭᠠᠨ ᠰᠠᠷ᠎ᠠ ᠶᠢᠨ ᠰᠢᠷᠢᠰ ᠰᠣᠶᠣᠯ ᠤᠨ ᠠᠵᠢᠯᠯᠠᠭ᠎ᠠ ᠶᠢᠨ ᠬᠥᠰᠢᠭᠡ ᠶᠢ ᠰᠡᠬᠦᠪᠡ᠃
     2 ᠰᠠᠷ᠎ᠠ ᠶᠢᠨ 17᠎ ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ︶᠎ ᠤᠨ ᠦᠳᠡ ᠶᠢᠨ ᠡᠮᠦᠨ᠎ᠡ᠂ ᠰᠢᠩ ᠡᡁᠧ ᠰᠢᠶᠠᠨ ᠤ ᠰᠢᠨ᠎ᠡ ᠵᠠᠭᠤᠨ ᠤ ᠠᠭᠤᠳᠠᠮ ᠲᠠᠯᠠᠪᠠᠢ ᠳᠤ᠂ ᠬᠠᠷᠠᠩᠭ᠎ᠠ ᠬᠡᠩᠭᠡᠷᠭᠡ ᠨᠢᠵᠢᠭᠢᠨᠡᠵᠦ᠂ ᠬᠥᠮᠦᠰ ᠤᠨ ᠳᠠᠭᠤᠨ ᠨᠢᠵᠢᠭᠢᠨᠡᠵᠦ᠂ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠠᠩᠬᠢ ᠶᠢᠨ ᠬᠢᠨ ᠰᠢᠩ ᠡᡁᠧ ᠰᠢᠶᠠᠨ ᠤ 2024 ᠣᠨ ᠤ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠢᠷᠢᠰ ᠰᠣᠶᠣᠯ ᠤᠨ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠯᠣᠣ ᠠᠷᠰᠯᠠᠨ ᠪᠥᠵᠢᠭᠯᠡᠬᠦ᠂ ᠶᠠᠩᠭᠠᠷ ᠪᠥᠵᠢᠭ ᠤᠨ ᠠᠩᠭᠢ᠂ ᠬᠡᠩᠭᠡᠷᠭᠡ ᠪᠥᠵᠢᠭ ᠤᠨ ᠠᠩᠭᠢ᠂ ᠳᠡᠪᠢᠭᠦᠷ ᠪᠥᠵᠢᠭ ᠵᠡᠷᠭᠡ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠲᠣᠭᠯᠠᠯᠲᠠ ᠪᠠᠷ ᠭᠤᠣᠯ ᠪᠣᠯᠭᠠᠵᠤ᠂ ᠲᠣᠭᠯᠠᠯᠲᠠ ᠳᠤ ᠣᠷᠣᠯᠴᠠᠭᠰᠠᠨ ᠲᠣᠭᠯᠠᠭᠴᠢᠳ ᠤᠨ ᠳᠣᠲᠣᠷ᠎ᠠ ᠲᠤᠰᠬᠠᠶ ᠮᠡᠷᠭᠡᠵᠢᠯ ᠤᠨ ᠲᠣᠭᠯᠠᠯᠲᠠ ᠶᠢᠨ ᠪᠦᠯᠬᠦᠮ ᠪᠠᠶᠢᠬᠤ ᠪᠠᠷ ᠪᠠᠷᠠᠬᠤ ᠦᠭᠡᠶ᠂ ᠪᠠᠰᠠ ᠶᠡᠭᠡ ᠡᠪᠦᠭᠡ ᠡᠵᠢ᠂ ᠰᠢᠶᠠᠨ ᠰᠢᠶᠠᠩ ᠤᠨ ᠺᠠᠳ᠋ᠷ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠣᠷᠣᠯᠴᠠᠵᠤ᠂ ᠪᠠᠶᠠᠷ ᠪᠠᠶᠠᠰᠬᠤᠯᠠᠩ ᠲᠠᠢ ᠪᠠᠷ ᠡᠨᠡ ᠤᠳᠠᠭᠠᠨ ᠤ ︽ᠰᠣᠶᠣᠯ ᠤᠨ ᠦᠪᠡᠳᠡᠭᠰᠢ ᠳᠠᠶᠢᠯᠠᠯᠭ᠎ᠠ︾᠎ ᠶᠢ ᠪᠦᠬᠦ ᠰᠢᠶᠠᠨ ᠤ ᠣᠯᠠᠨ ᠲᠦᠮᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠦᠨᠡᠨ ᠬᠦ ᠴᠢᠩᠭᠠᠷᠠᠭᠤᠯᠵᠤ᠂ ᠪᠦᠬᠦ ᠰᠢᠶᠠᠨ ᠤ ᠠᠷᠠᠳ ᠲᠦᠮᠡᠨ ᠤ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠥᠷᠨᠢᠩᠭᠦᠶ ᠬᠥᠭᠵᠢᠯᠲᠡ ᠶᠢᠨ ᠢᠳᠡ ᠬᠦᠴᠦᠲᠡᠶ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠴᠠᠭᠠᠨ ᠰᠠᠷ᠎ᠠ ᠶᠢᠨ ᠰᠢᠷᠢᠰ ᠰᠣᠶᠣᠯ ᠤᠨ ᠠᠵᠢᠯᠯᠠᠭ᠎ᠠ ᠨᠢ ᠥᠯᠵᠡᠶᠢᠲᠦ ᠡᠳᠦᠷ ᠤᠨ ᠪᠠᠶᠠᠷ ᠪᠣᠯᠲᠠᠯ᠎ᠠ ᠦᠷᠭᠦᠯᠵᠢᠯᠡᠨ᠎ᠡ᠂ ᠡᠭᠦᠨ ᠳᠤ ᠶᠠᠩᠭᠠᠷ᠂ ᠦᠨᠳᠦᠰᠦᠲᠡᠨ ᠤ ᠪᠥᠵᠢᠭ᠂ ᠣᠲᠣ ᠦᠶ᠎ᠡ ᠶᠢᠨ ᠪᠥᠵᠢᠭ᠂ ᠵᠡᠭᠦᠨ ᠵᠠᠮ ᠤᠨ ᠬᠤᠶᠠᠷ ᠬᠥᠮᠦᠨ ᠤ ᠲᠠᠪᠴᠠᠩ᠂ ᠴᠠᠷᠭᠢᠯ ᠬᠤᠯᠪᠣᠭ᠎ᠠ᠂ ᠰᠢ ᠵᠦᠴᠦᠭᠡ᠂ ᠤᠷᠠᠨ ᠤᠩᠰᠢᠯᠭ᠎ᠠ᠂ ︽ᠴᠠᠭᠠᠨ ᠰᠠᠷ᠎ᠠ ᠶᠢ ᠪᠡᠯᠭᠡᠯᠡᠬᠦ︾ ᠺᠢᠨᠣ᠋ ᠭᠠᠷᠭᠠᠬᠤ ᠵᠡᠷᠭᠡ ᠠᠯᠢ ᠣᠯᠠᠨ ᠪᠠᠶᠠᠯᠢᠭ ᠰᠠᠶᠢᠬᠠᠨ ᠠᠵᠢᠯᠯᠠᠭᠠᠨ ᠤ ᠬᠡᠯᠪᠡᠷᠢ ᠪᠠᠭᠲᠠᠨ᠎ᠠ᠃      ᠤᠷᠠᠨ ᠰᠠᠶᠢᠬᠠᠨ ᠤ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ᠦᠵᠡᠰᠬᠦᠯᠡᠩᠲᠦ ᠰᠠᠶᠢᠬᠠᠨ ᠬᠤᠳᠠ ᠪᠠᠷ ᠪᠠᠶᠠᠷ ᠪᠠᠶᠠᠰᠤᠯ ᠪᠢᠯᠬᠠᠨ᠎ᠠ᠃ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠵᠣᠯ ᠵᠢᠷᠭᠠᠯ ᠲᠠᠢ᠂ ᠠᠮᠤᠷ ᠠᠮᠤᠭᠤᠯᠠᠩ ᠪᠠᠶᠠᠷ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠬᠥᠭᠵᠢᠯ ᠪᠠᠳᠠᠷᠠᠯ ᠲᠠᠢ ᠵᠡᠭᠡᠯᠢ ᠭᠤᠳᠤᠮᠵᠢ ᠪᠠᠷ ᠪᠢᠯᠬᠠᠵᠤ᠂ ᠥᠷᠭᠡᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠠᠶᠢᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3