ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠮᠠᠭᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/21
     2 ᠰᠠᠷ᠎ᠠ ᠶᠢᠨ 20 ᠤ ᠡᠳᠦᠷ᠂ ᠬᠠᠷᠢᠶᠠᠨ ᠤ ᠣᠷᠣᠨ ᠳᠤ ᠴᠠᠰᠤ ᠤᠷᠤᠭᠰᠠᠨ ᠠᠴᠠ ᠪᠣᠯᠵᠣ᠂ ᠬᠡᠰᠡᠭ ᠵᠠᠮ ᠤᠨ ᠬᠡᠰᠡᠭ ᠲᠤ ᠲᠡᠷᠭᠡ ᠬᠥᠰᠬᠡ ᠤᠳᠠᠭᠠᠨ ᠶᠠᠪᠤᠬᠤ ᠪᠠᠶᠢᠳᠠᠯ ᠢᠯᠡᠷᠡᠵᠦ᠂ ᠰᠢᠩ ᠾᠧ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠴᠠᠭ ᠲᠤᠬᠠᠶ ᠳᠤᠨᠢ ᠮᠠᠭᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠵᠢᠯ ᠥᠷᠨᠢᠭᠦᠯᠵᠦ᠂ ᠪᠣᠳᠠᠲᠠᠶ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠪᠠᠶᠢᠨ᠎ᠠ᠃      ᠰᠢᠩ ᠡᡁᠧ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠲᠤᠬᠠᠢ ᠶᠢᠨ ᠲᠠᠯᠠᠪᠠᠢ ᠳᠤ ᠬᠠᠷᠢᠶ᠎ᠠ ᠣᠷᠣᠨ ᠤ ᠪᠠᠨ 110 ᠤᠯᠤᠰ ᠤᠨ ᠵᠠᠮ ᠤᠨ ᠵᠠᠮ ᠳᠡᠭᠡᠷ᠎ᠡ ᠮᠥᠰᠥ ᠬᠥᠯᠳᠡᠭᠰᠡᠨ᠂ ᠴᠠᠰᠤ ᠬᠤᠷᠠᠭᠰᠠᠨ ᠵᠢᠴᠢ ᠲᠡᠷᠭᠡ ᠬᠥᠰᠬᠡ ᠶᠢᠨ ᠶᠠᠪᠤᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠮᠥᠰᠥ ᠬᠠᠶᠢᠯᠤᠭᠤᠯᠵᠤ ᠴᠠᠰᠤ ᠠᠷᠢᠯᠭᠠᠬᠤ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠴᠠᠰᠤ ᠬᠠᠶᠢᠯᠤᠭᠤᠯᠤᠭᠴᠢ ᠡᠳ᠋ ᠠᠰᠬᠠᠬᠤ ᠶᠢᠨ ᠬᠠᠮᠲᠤ ᠵᠠᠮ ᠳᠡᠭᠡᠷᠡᠬᠢ ᠲᠡᠷᠭᠡ ᠬᠥᠰᠬᠡ ᠶᠢ ᠨᠡᠪᠲᠡᠷᠡᠭᠦᠯᠵᠡᠢ᠃ ᠣᠳᠣᠬᠠᠨ ᠳᠤ ᠶᠠᠭ ᠪᠠᠶᠠᠷ ᠤᠨ ᠳᠠᠷᠠᠭᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠨᠦᠰᠡᠷ ᠬᠦᠨᠳᠦ ᠬᠤᠭᠤᠴᠠᠭᠠᠨ ᠳᠤ ᠣᠷᠣᠰᠢᠵᠤ᠂ ᠰᠢᠩ ᠡᡁᠧ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠭᠤᠣᠯᠳᠠᠯᠭ᠎ᠠ ᠲᠠᠢ ᠵᠠᠮ ᠤᠨ ᠬᠡᠰᠡᠭ᠂ ᠤᠷᠳᠤ ᠥᠭᠰᠥᠬᠦ᠂ ᠬᠥᠭᠦᠷᠭᠡ᠂ ᠮᠤᠷᠤᠢ ᠵᠠᠮ ᠵᠡᠷᠭᠡ ᠴᠢᠬᠤᠯᠠ ᠴᠡᠭ ᠤᠨ ᠬᠡᠰᠡᠭ ᠤᠨ ᠲᠣᠭᠲᠠᠭᠰᠠᠨ ᠴᠡᠭ ᠲᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠴᠠᠭᠳᠠᠭ᠎ᠠ ᠭᠠᠷᠬᠤ ᠷᠠᠳᠢᠦ᠋ᠰ ᠢ ᠪᠣᠭᠤᠨᠢᠰᠬᠠᠵᠤ᠂ ︽ᠨᠢᠭᠡ ᠵᠠᠮ ᠤᠨ ᠤᠯᠠᠨ ᠲᠠᠯ᠎ᠠ︾ ᠶᠢᠨ ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠬᠠᠮᠲᠤᠷᠠᠭᠰᠠᠨ ᠦᠢᠯᠡᠴᠢᠯᠡᠭᠡᠨ ᠤ ᠬᠤᠯᠪᠣᠭᠠᠯᠠᠨ ᠬᠥᠳᠡᠯᠦᠯᠴᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠲᠣᠭᠤᠷᠢᠨ ᠴᠠᠭᠳᠠᠬᠤ ᠨᠢᠭᠲᠠᠴᠠ᠂ ᠲᠣᠭᠤᠷᠢᠨ ᠴᠠᠭᠳᠠᠬᠤ ᠤᠳᠠᠭ᠎ᠠ ᠶᠢ ᠳᠡᠭᠡᠭᠰᠢᠯᠡᠭᠦᠯᠵᠦ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠬᠦ ᠰᠢᠶᠠᠨ ᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3