ᠪᠡᠯᠭᠡᠲᠦ ᠴᠠᠰᠤ ᠡᠯᠪᠡᠭ ᠬᠤᠷᠢᠶᠠᠯᠲᠠ ᠲᠠᠢ ᠵᠢᠯ ᠳᠤ ︽ᠴᠠᠰᠤᠨ ᠴᠠᠭᠳᠠᠭ᠎ᠠ︾ ᠠᠮᠤᠷ ᠠᠮᠤᠭᠤᠯᠠᠩ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/2/22
      2024 ᠣᠨ ᠤ 2 ᠰᠠᠷ᠎ᠠ ᠶᠢᠨ 20᠎ ᠤ ᠡᠳᠦᠷ᠂ ᠰᠢᠩ ᠡᡁᠧ ᠰᠢᠶᠠᠨ ᠴᠠᠭᠠᠨ ᠰᠠᠷ᠎ᠠ ᠶᠢᠨ ᠳᠠᠷᠠᠭᠠᠬᠢ ᠠᠩᠬᠠᠨ ᠤ ᠶᠡᠭᠡ ᠴᠠᠰᠤ ᠪᠠᠨ ᠤᠭᠲᠤᠪᠠ᠃ ᠴᠠᠰᠤᠨ ᠤ ᠪᠠᠶᠢᠳᠠᠯ ᠤᠨ ᠡᠮᠦᠨ᠎ᠡ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠴᠠᠰᠤ ᠪᠠᠷ ᠵᠠᠷᠯᠢᠭ ᠪᠣᠯᠭᠠᠵᠤ᠂ ᠴᠠᠰᠤ ᠶᠢ ᠰᠣᠨᠣᠰᠤᠮᠠᠭᠴᠠ ᠬᠥᠳᠡᠯᠵᠦ᠂ ᠴᠠᠭᠳᠠᠭ᠎ᠠ ᠶᠢᠨ ᠬᠦᠴᠦᠨ ᠢ ᠦᠷᠭᠦᠯᠵᠢᠯᠡᠨ ᠵᠣᠬᠢᠶᠠᠨ ᠪᠠᠶᠢᠭᠤᠯᠵᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠪᠠᠶᠠᠷ ᠤᠨ ᠡᠳᠦᠷ ᠤᠨ ᠵᠤᠭᠠᠴᠠᠯ ᠢ ᠬᠠᠮᠠᠭᠠᠯᠠᠬᠤ᠂ ᠤᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ᠂ ᠴᠠᠰᠤ ᠰᠢᠭᠤᠷᠭᠠᠨ ᠤ ᠳᠤᠮᠳᠠ ᠪᠠᠲᠤ ᠰᠠᠬᠢᠵᠤ᠂ ᠬᠠᠷᠢᠶ᠎ᠠ ᠣᠷᠣᠨ ᠤ ᠪᠠᠨ ᠠᠮᠤᠷ ᠲᠦᠪᠰᠢᠨ ᠢ ᠬᠠᠮᠠᠭᠠᠯᠠᠪᠠ᠃      ᠡᠨᠡ ᠤᠳᠠᠭ᠎ᠠ ᠶᠢᠨ ᠴᠠᠰᠤᠨ ᠤ ᠣᠯᠠᠨ ᠲᠦᠮᠡᠨ ᠤ ᠠᠮᠢᠳᠤᠷᠠᠯ ᠪᠣᠯᠤᠨ ᠶᠠᠪᠤᠵᠤ ᠰᠠᠭᠤᠬᠤ ᠳᠤ ᠦᠵᠡᠭᠦᠯᠬᠦ ᠮᠠᠭᠤ ᠨᠥᠯᠥᠭᠡ ᠶᠢ ᠪᠠᠭᠠᠰᠬᠠᠬᠤ ᠶᠢᠨ ᠲᠥᠯᠥᠭᠡ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠥᠨᠢ ᠳᠦᠯᠢ ᠪᠠᠷ ︽ᠴᠠᠰᠤ ᠰᠢᠭᠤᠷᠭᠠᠨ ᠢ ᠤᠭᠲᠤᠨ ᠪᠠᠶᠢᠯᠳᠤᠬᠤ︾ ᠴᠠᠭᠳᠠᠭᠠᠨ ᠤ ᠶᠠᠪᠤᠳᠠᠯ ᠤᠨ ᠵᠠᠭᠪᠤᠷ ᠢ ᠡᠬᠢᠯᠡᠭᠦᠯᠵᠦ᠂ ᠡᠯ᠎ᠡ ᠲᠣᠭᠤᠷᠢᠨ ᠴᠠᠭᠳᠠᠬᠤ ᠲᠡᠷᠭᠡ ᠶᠢᠨ ᠳᠤᠭᠤᠶᠢᠯᠠᠩ ᠢ ᠵᠣᠬᠢᠶᠠᠨ ᠪᠠᠶᠢᠭᠤᠯᠤᠨ ᠲᠣᠭᠤᠷᠢᠨ ᠴᠠᠭᠳᠠᠬᠤ ᠴᠠᠭ ᠤᠨ ᠬᠢᠵᠠᠭᠠᠷ ᠢ ᠤᠷᠲᠤᠳᠬᠠᠬᠤ᠂ ᠶᠠᠪᠠᠭᠠᠨ ᠴᠠᠭ ᠤᠨ ᠤᠳᠠᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠭᠤᠷᠢᠨ ᠴᠠᠭᠳᠠᠬᠤ ᠬᠡᠯᠪᠡᠷᠢ ᠪᠠᠷ ᠬᠠᠷᠢᠶ᠎ᠠ ᠣᠷᠣᠨ ᠤ ᠬᠤᠳᠠᠯᠳᠤᠭᠠᠨ ᠤ ᠲᠣᠭᠤᠷᠢᠭ ᠂ ᠦᠵᠡᠮᠵᠢ ᠶᠢᠨ ᠣᠷᠣᠨ᠂ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠵᠢᠴᠢ ᠭᠤᠣᠯ ᠵᠠᠮ ᠤᠨ ᠠᠭᠤᠯᠵᠠᠷ ᠲᠤ ᠬᠦᠷᠴᠦ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠲᠣᠬᠢᠲᠠᠢ ᠰᠢᠢᠳᠪᠦᠷᠢᠯᠡᠵᠦ᠂ ᠴᠠᠰᠤᠲᠤ ᠡᠳᠦᠷ ᠲᠤ ᠬᠠᠪᠰᠤᠷᠬᠤ ᠴᠢᠬᠤᠯᠠᠲᠠᠢ ᠤᠯᠠᠨ ᠲᠦᠮᠡᠨ ᠢ ᠴᠠᠭ ᠲᠤᠬᠠᠢ ᠳᠤᠨᠢ ᠠᠪᠤᠷᠠᠨ ᠲᠤᠰᠠᠯᠠᠪᠠ᠃      ᠴᠠᠰᠤ ᠰᠢᠭᠤᠷᠭᠠᠨ ᠤ ᠳᠤᠮᠳᠠ᠂ ᠵᠠᠮ ᠬᠠᠷᠢᠯᠴᠠᠭᠠᠨ ᠤ ᠴᠠᠭᠳᠠᠭ᠎ᠠ ᠪᠠᠰᠠ ᠰᠠᠨᠠᠭᠠᠴᠢᠯᠠᠭ᠎ᠠ ᠠᠴᠠ ᠪᠠᠨ ᠵᠠᠮ ᠤᠨ ᠬᠤᠶᠠᠷ ᠲᠠᠯ᠎ᠠ ᠳᠤ ᠬᠦᠷᠴᠦ ᠴᠠᠰᠤ ᠴᠡᠪᠡᠷᠯᠡᠬᠦ ᠠᠵᠢᠯ ᠥᠷᠨᠢᠭᠦᠯᠵᠦ᠂ ᠵᠠᠷᠢᠮ ᠠᠮᠠᠷᠬᠠᠨ ᠭᠤᠯᠭᠤᠳᠠᠭ ᠵᠠᠮ ᠤᠨ ᠬᠡᠰᠡᠭ ᠲᠤ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠬᠥᠮᠦᠰ ᠢ ᠵᠣᠬᠢᠶᠠᠨ ᠪᠠᠶᠢᠭᠤᠯᠤᠨ ᠳᠠᠪᠤᠰᠤ ᠰᠠᠴᠤᠵᠤ᠂ ᠵᠠᠮ ᠤᠨ ᠮᠥᠰᠥᠲᠦᠬᠦ ᠴᠡᠭ ᠢ ᠪᠠᠭᠠᠰᠬᠠᠨ ᠵᠠᠮ ᠤᠨ ᠥᠷᠥᠯᠲᠡ ᠶᠢᠨ ᠬᠦᠴᠦᠨ ᠢ ᠨᠡᠮᠡᠭᠳᠡᠭᠦᠯᠵᠦ ᠂ ᠲᠡᠷᠭᠡᠨ ᠤ ᠬᠠᠯᠲᠤᠷᠢᠬᠤ ᠲᠦᠭᠰᠢᠭᠦᠷᠢ ᠶᠢ ᠪᠠᠭᠠᠰᠬᠠᠬᠤ ᠶᠢᠨ ᠬᠠᠮᠲᠤ ᠬᠦᠴᠢᠷᠳᠡᠯ ᠳᠤ ᠤᠴᠠᠷᠠᠭᠰᠠᠨ ᠲᠡᠷᠭᠡ ᠶᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠵᠤ᠂ ᠬᠠᠷᠢᠶ᠎ᠠ ᠣᠷᠣᠨ ᠤ ᠵᠠᠮ ᠤᠨ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃      ᠠᠷᠠᠳ ᠤᠨ ᠴᠠᠭᠳᠠᠭ᠎ᠠ ᠪᠠᠰᠠ ︽ᠪᠢᠴᠢᠬᠠᠨ ᠯᠠᠪᠠᠶ︾᠎ ᠪᠠᠷ ᠬᠠᠰᠬᠢᠷᠬᠤ ᠵᠡᠷᠭᠡ ᠠᠷᠭ᠎ᠠ ᠬᠡᠯᠪᠡᠷᠢ ᠪᠠᠷ ᠵᠠᠮ ᠥᠩᠭᠡᠷᠡᠬᠦ ᠵᠢᠯᠣᠭᠤᠴᠢ ᠪᠣᠯᠤᠨ ᠶᠠᠪᠠᠭᠠᠨ ᠬᠥᠮᠦᠨ ᠤ ᠬᠤᠷᠳᠤᠴᠠ ᠪᠠᠨ ᠪᠠᠭᠠᠰᠬᠠᠵᠤ ᠠᠯᠭᠤᠷ ᠶᠠᠪᠤᠬᠤ ᠶᠢ ᠲᠠᠰᠤᠷᠠᠯᠲᠠ ᠥᠬᠡᠶ ᠰᠠᠨᠠᠭᠤᠯᠵᠤ᠂ ᠵᠠᠶᠢᠯᠠᠵᠤ ᠵᠠᠶᠢᠯᠠᠬᠤ ᠶᠢ ᠠᠩᠬᠠᠷᠴᠤ᠂ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3