ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 2024 ᠣᠨ ᠤ ᠥᠯᠵᠡᠶᠢᠲᠦ ᠡᠳᠦᠷ ᠤᠨ ᠪᠠᠶᠠᠷ ᠤᠨ ᠤᠷᠠᠨ ᠰᠠᠶᠢᠬᠠᠨ ᠤ ᠲᠣᠭᠯᠠᠯᠲᠠ ᠶᠢᠨ ᠬᠤᠭᠤᠴᠠᠭᠠᠨ ᠳᠠᠬᠢ ᠰᠢᠩ ᠾᠧ ᠰᠢᠶᠠᠨ ᠤ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠬᠤ ᠵᠠᠮ ᠤᠨ ᠬᠡᠰᠡᠭ ᠤᠨ ᠲᠤᠬᠠᠶ ᠠᠯᠪᠠᠨ ᠵᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/2/23
      ᠰᠢᠩ ᠾᠧ ᠰᠢᠶᠠᠨ ᠤ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ 2024 ᠣᠨ ᠤ 2 ᠰᠠᠷ᠎ᠠ ᠶᠢᠨ 24᠎ ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ︶ ᠰᠢᠩ ᠲᠦᠩ ᠵᠠᠮ ᠪᠣᠯᠤᠨ ᠢᠦᠶ ᠼᠠᠢ ᠵᠡᠭᠡᠯᠢ ᠶᠢᠨ ᠠᠭᠤᠯᠵᠠᠷ ᠵᠠᠮ ᠠᠴᠠ ᠰᠢᠩ ᠳ᠋ᠡ ᠵᠠᠮ ᠪᠣᠯᠤᠨ ᠢᠦᠶ ᠼᠠᠢ ᠵᠡᠭᠡᠯᠢ ᠶᠢᠨ ᠠᠭᠤᠯᠵᠠᠷ ᠵᠠᠮ ᠤᠨ ᠬᠡᠰᠡᠭ ᠲᠤ ᠥᠯᠵᠡᠶᠢᠲᠦ ᠡᠳᠦᠷ ᠤᠨ ᠪᠠᠶᠠᠷ ᠤᠨ ᠰᠢᠷᠢᠰ ᠰᠣᠶᠣᠯ ᠤᠨ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃      ᠥᠯᠵᠡᠶᠢᠲᠦ ᠡᠳᠦᠷ ᠤᠨ ᠰᠢᠷᠢᠰ ᠰᠣᠶᠣᠯ ᠤᠨ ᠠᠵᠢᠯᠯᠠᠭ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠎ ᠶᠢᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂  ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠲᠤᠬᠠᠶ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠳᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠣᠯᠤᠨ᠎ᠠ᠃      ᠨᠢᠭᠡ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠴᠠᠭ      2024 ᠣᠨ ᠤ 2 ᠰᠠᠷ᠎ᠠ ᠶᠢᠨ 24᠎ ᠤ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ︶᠎ ᠤᠨ ᠦᠳᠡ ᠶᠢᠨ ᠡᠮᠦᠨ᠎ᠡ ᠶᠢᠨ 8 ᠴᠠᠭ ᠠᠴᠠ ᠦᠳᠡ ᠶᠢᠨ ᠬᠤᠶᠢᠨ᠎ᠠ ᠶᠢᠨ 13 ᠴᠠᠭ ᠲᠤ ᠳᠠᠭᠤᠰᠤᠨ᠎ᠠ      ᠬᠤᠶᠠᠷ᠂ ᠵᠠᠮ ᠤᠨ ᠬᠡᠰᠡᠭ ᠢ ᠪᠢᠲᠡᠭᠦᠮᠵᠢᠯᠡᠬᠦ      1. ᠢᠦᠢ ᠼᠠᠢ ᠵᠡᠭᠡᠯᠢ ᠬᠢᠭᠡᠳ ᠰᠢᠩ ᠱᠧᠩ ᠵᠠᠮ ᠤᠨ ᠠᠭᠤᠯᠵᠠᠷ ᠤᠨ ᠪᠡᠯᠴᠢᠷ ︵ᠪᠠᠷᠠᠭᠤᠨᠰᠢ ᠪᠠᠨ ᠵᠡᠭᠦᠨᠰᠢ ᠪᠠᠨ︶︔ ᠢᠦᠢ ᠼᠠᠢ ᠵᠡᠭᠡᠯᠢ ᠬᠢᠭᠡᠳ ᠰᠢᠩ ᠲᠦᠩ ᠵᠠᠮ ᠤᠨ ᠠᠭᠤᠯᠵᠠᠷ ᠤᠨ ᠪᠡᠯᠴᠢᠷ ︵ᠡᠮᠦᠨᠡᠰᠢ ᠤᠮᠠᠷᠠᠰᠢ ᠴᠢᠭᠯᠡᠯ︶︔ ᠢᠦᠶ ᠼᠠᠢ ᠵᠡᠭᠡᠯᠢ ᠬᠢᠭᠡᠳ ᠰᠢᠩ ᠳ᠋ᠡ ᠵᠠᠮ ᠤᠨ ᠠᠭᠤᠯᠵᠠᠷ ︵ᠵᠡᠭᠦᠨ ᠠᠴᠠ ᠪᠠᠷᠠᠭᠤᠨᠰᠢ︶ ᠵᠢᠴᠢ ᠠᠵᠢᠯᠯᠠᠭᠠᠨ ᠤ ᠲᠤᠬᠠᠶ ᠶᠢᠨ ᠲᠠᠯᠠᠪᠠᠶ ᠶᠢᠨ ᠡᠷᠬᠢᠨ ᠲᠣᠭᠤᠷᠢᠨ ᠤ ᠡᠯ᠎ᠡ ᠰᠠᠯᠪᠤᠷᠢ ᠵᠠᠮ ᠤᠨ ᠠᠭᠤᠯᠵᠠᠷ ᠵᠡᠷᠭᠡ᠃      2. ᠥᠯᠵᠡᠶᠢᠲᠦ ᠡᠳᠦᠷ ᠤᠨ ᠪᠠᠶᠠᠷ ᠤᠨ ᠰᠢᠷᠢᠰ ᠰᠣᠶᠣᠯ ᠤᠨ ᠠᠵᠢᠯᠯᠠᠭ᠎ᠠ ᠶᠢᠨ ᠬᠤᠭᠤᠴᠠᠭᠠᠨ ᠳᠤ ᠠᠯᠢᠪᠠ ᠨᠡᠶᠢᠭᠡᠮ ᠤᠨ ᠲᠡᠷᠭᠡ ᠬᠥᠰᠬᠡ ᠶᠢᠨ ᠣᠷᠣᠵᠤ ᠢᠷᠡᠬᠦ ᠶᠢ ᠴᠠᠭᠠᠵᠠᠯᠠᠨ᠎ᠠ᠃      3. ᠠᠵᠢᠯᠯᠠᠭ᠎ᠠ ᠶᠢᠨ ᠬᠤᠭᠤᠴᠠᠭᠠᠨ ᠳᠤ ᠣᠯᠠᠨ ᠢᠶᠠᠷ ᠢᠶᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠰᠣᠩᠭᠤᠬᠤ ᠪᠤᠶᠤ ᠶᠠᠪᠠᠭᠠᠨ ᠢᠶᠠᠷ ᠬᠦᠷᠴᠦ ᠲᠡᠷᠭᠡ ᠬᠥᠰᠬᠡ ᠲᠦᠭᠵᠢᠷᠡᠬᠦ ᠠᠴᠠ ᠵᠠᠶᠢᠯᠠᠰᠬᠢᠬᠦ ᠶᠢ ᠰᠠᠨᠠᠭᠠᠴᠢᠯᠠᠨ᠎ᠠ᠃
       ︵ᠤᠯᠠᠭᠠᠨ ᠱᠤᠭᠤᠮ ᠪᠣᠯ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠵᠠᠮ ᠤᠨ ᠬᠡᠰᠡᠭ ᠪᠣᠯᠤᠨ᠎ᠠ︶    ᠴᠠᠭᠠᠨ ᠰᠠᠷ᠎ᠠ ᠶᠢᠨ ᠠᠷᠪᠠᠨ ᠲᠠᠪᠤᠨ ᠤ ᠰᠢᠷᠢᠰ ᠰᠣᠶᠣᠯ ᠤᠨ ᠠᠵᠢᠯᠯᠠᠭ᠎ᠠ ᠶᠢᠨ ᠬᠤᠭᠤᠴᠠᠭᠠᠨ ᠳᠤ᠂ ᠲᠡᠷᠭᠡ ᠬᠥᠰᠬᠡ᠂ ᠬᠥᠮᠦᠨ ᠬᠠᠷ᠎ᠠ ᠬᠤᠷᠠᠨ ᠴᠤᠭᠯᠠᠷᠠᠵᠤ᠂ ᠣᠯᠠᠨ ᠬᠥᠮᠦᠨ ᠦᠵᠡᠵᠦ ᠪᠠᠶᠢᠭ᠎ᠠ ᠪᠣᠯᠬᠤᠷ ᠣᠯᠠᠨ ᠢᠶᠠᠷ ᠢᠶᠠᠨ ᠠᠯᠢ ᠴᠢᠳᠠᠬᠤ ᠪᠠᠷ ᠲᠡᠷᠭᠡ ᠵᠢᠯᠣᠭᠤᠳᠬᠤ ᠥᠬᠡᠶ ᠪᠠᠶᠢᠬᠤ ᠶᠢ ᠬᠦᠰᠡᠵᠦ ᠪᠠᠶᠢᠨ᠎ᠠ᠂ ᠶᠠᠪᠠᠭᠠᠨ ᠢᠶᠠᠷ ᠶᠠᠪᠤᠵᠤ᠂ ᠪᠣᠯᠪᠠᠰᠤᠨ ᠢᠶᠠᠷ ᠰᠣᠨᠢᠷᠬᠠᠬᠤ ᠶᠢ ᠰᠠᠨᠠᠭᠠᠴᠢᠯᠠᠨ᠎ᠠ᠃ ᠵᠠᠬᠢᠷᠤᠨ ᠬᠠᠮᠢᠶᠠᠷᠴᠤ ᠪᠠᠶᠢᠭ᠎ᠠ ᠬᠤᠭᠤᠴᠠᠭᠠᠨ ᠳᠤ᠂ ᠵᠠᠬᠢᠷᠤᠨ ᠬᠠᠮᠢᠶᠠᠷᠴᠤ ᠪᠠᠶᠢᠭ᠎ᠠ ᠵᠠᠮ ᠤᠨ ᠬᠡᠰᠡᠭ ᠲᠤ ᠨᠡᠶᠢᠭᠡᠮ ᠤᠨ ᠠᠯᠢᠪᠠ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠪᠤᠰᠤᠳ ᠵᠠᠮ ᠤᠨ ᠬᠡᠰᠡᠭ ᠢᠶᠠᠷ ᠲᠣᠭᠤᠷᠢᠵᠤ ᠶᠠᠪᠤᠭᠠᠷᠠᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3