ᠮᠠᠨ ᠤ ᠰᠢᠶᠠᠨ ︽ᠵᠢᠵᠢᠭ ᠰᠠᠨᠳᠠᠯᠢ︾᠎ ᠶᠢ ᠬᠠᠮᠲᠤ ᠪᠠᠷ ᠵᠥᠪᠳᠡᠯᠴᠡᠨ ᠪᠠᠶᠢᠭᠤᠯᠵᠤ ᠠᠷᠠᠳ ᠤᠨ ᠰᠠᠨᠠᠭ᠎ᠠ ᠶᠢ ᠰᠣᠨᠣᠰᠴᠤ ︽ᠵᠣᠭᠤᠭ ᠳᠡᠯᠭᠡᠵᠦ︾ ᠪᠠᠶᠢᠭᠠᠳ ᠵᠠᠰᠠᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/2/26
      ︽ᠵᠠᠩ ᠳᠠᠳᠬᠠᠯ ᠢ ᠥᠭᠡᠷᠡᠴᠢᠯᠡᠬᠦ︾᠎ ᠠᠴᠠ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠦᠷᠲᠡᠯ᠎ᠡ᠂ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠠᠴᠠ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠦᠷᠲᠡᠯ᠎ᠡ ᠁ ᠰᠢᠩ ᠡᡁᠧ ᠶᠢᠨ ᠡᠭᠡ ᠭᠠᠵᠠᠷ ᠲᠤ᠂ ᠳᠠᠩᠰᠠᠯᠠᠭᠤᠯᠤᠭᠰᠠᠨ 12300 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠶᠢᠨ ᠶᠠᠭᠠᠷᠠᠯᠲᠠᠢ ᠪᠠᠶᠢᠳᠠᠯ ᠭᠠᠵᠠᠷ ᠪᠣᠯᠭᠠᠨ ᠳᠤ ᠬᠠᠷᠠᠭᠳᠠᠨ᠎ᠠ᠃      ᠣᠶᠢᠷ᠎ᠠ ᠶᠢᠨ ᠵᠢᠯ ᠳᠤ᠂ ᠰᠢᠩ ᠾᠧ ᠰᠢᠶᠠᠨ ᠰᠢᠶᠠᠨ᠂ ᠰᠢᠶᠠᠩ᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠤᠰᠬᠠᠶ ᠬᠥᠮᠦᠨ ᠢᠶᠠᠷ ᠬᠠᠷᠢᠭᠤᠴᠠᠭᠤᠯᠤᠭᠰᠠᠨ ︽ᠪᠢ ᠪᠣᠯ ᠨᠠᠮ ᠤᠨ ᠭᠡᠰᠢᠭᠦᠨ · ᠪᠢ ᠴᠢᠮᠠᠶᠢ ᠬᠠᠪᠰᠤᠷᠤᠨ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠭᠠᠷᠭᠠᠵᠤ᠂ ︽ᠪᠢ ᠴᠢᠮᠠᠶᠢ ᠬᠠᠪᠰᠤᠷᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠭᠦᠨᠵᠡᠭᠡᠶᠢᠷᠡᠭᠦᠯᠵᠦ᠂ ᠪᠥᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠰᠣᠯᠢᠯᠴᠠᠭᠠᠨ ᠤ ᠴᠤᠭᠯᠠᠭᠠᠨ ᠢ ᠡᠷᠭᠢᠯᠡᠬᠦ ᠪᠠᠷ ᠳᠠᠮᠵᠢᠭᠤᠯᠤᠨ᠂ ︽ᠵᠢᠵᠢᠭ ᠰᠠᠨᠳᠠᠯᠢ ᠬᠢᠴᠢᠶᠡᠯ ᠤᠨ ᠲᠠᠩᠬᠢᠮ︾ ︽ᠲᠣᠰᠬᠤᠨ ᠤ ᠡᠭᠦᠳᠡᠨ ᠳᠠᠬᠢ ᠵᠣᠭᠤᠭᠳᠠᠬᠤ ᠠᠩᠭᠢ︾ ᠵᠡᠷᠭᠡ ᠨᠢᠭᠡ ᠪᠦᠯᠦᠭ ᠰᠢᠯᠢᠳᠡᠭ ᠤᠨᠴᠠᠯᠢᠭᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠢ ᠪᠣᠶ ᠪᠣᠯᠭᠠᠨ ᠪᠤᠶᠢᠵᠢᠭᠤᠯᠪᠠ᠃ ᠰᠢᠩ ᠾᠧ ᠰᠢᠶᠠᠨ ᠤ ︽ᠪᠢᠴᠢᠬᠠᠨ ᠰᠠᠨᠳᠠᠯᠢ︾ ᠬᠢᠴᠢᠶᠡᠯ ᠤᠨ ᠲᠠᠩᠬᠢᠮ ᠤᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠢ ᠴᠢᠮᠠᠶᠢ ᠬᠠᠪᠰᠤᠷᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢᠶᠠᠷ ᠦᠨᠡᠯᠡᠭᠳᠡᠪᠡ᠃      ︽︿ᠵᠢᠵᠢᠭ ᠰᠠᠨᠳᠠᠯᠢ﹀ ᠬᠢᠴᠢᠶᠡᠯ ᠤᠨ ᠲᠠᠩᠬᠢᠮ ᠤᠨ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠪᠣᠯ ᠰᠢᠩ ᠡᡁᠧ ᠰᠢᠶᠠᠨ ᠤ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠩᠭᠠᠳᠬᠠᠬᠤ ᠨᠢᠭᠡ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠂ ᠲᠤᠰ ᠲᠦᠷᠦᠯ ᠵᠦᠢᠯ ᠨᠢ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠦᠳᠦᠯᠦᠨ ᠵᠢᠯᠣᠭᠤᠳᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠵᠡᠢ᠃ ᠲᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠡᠬᠢ ᠪᠠᠶᠠᠯᠢᠭ ᠢᠶᠠᠨ ᠤᠯᠠᠮ ᠴᠢᠨᠠᠭᠰᠢᠳᠠ ᠰᠢᠯᠢᠳᠡᠭᠵᠢᠭᠦᠯᠦᠨ ᠨᠡᠶᠢᠳᠬᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠤᠶᠢᠳᠠ ᠪᠥᠭᠯᠡᠭᠦᠦ ᠬᠥᠳᠡᠭᠡ ᠲᠣᠰᠬᠤᠨ ᠲᠡᠰᠢ ᠥᠷᠭᠡᠳᠬᠡᠨ᠎ᠡ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3