ᠰᠢᠩ ᠾᠧ ᠰᠢᠶᠠᠨ 2024 ᠣᠨ ᠤ ︽ᠴᠠᠭᠠᠨ ᠰᠠᠷ᠎ᠠ ᠶᠢᠨ ᠪᠠᠶᠠᠷ︾᠎ ᠤᠨ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/2/26
      ᠠᠯᠲᠠᠨ ᠯᠣᠣ ᠰᠢᠨ᠎ᠡ ᠵᠢᠯ ᠢ ᠪᠡᠯᠭᠡᠯᠡᠵᠦ᠂ ᠪᠡᠶ᠎ᠡ ᠶᠢᠨ ᠲᠠᠮᠢᠷ ᠤᠨ ᠴᠤᠭᠯᠠᠭᠠᠨ ᠬᠠᠪᠤᠷ ᠢ ᠤᠭᠲᠤᠨ᠎ᠠ᠃ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠦᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠭᠤᠯᠵᠤ᠂ ᠪᠥᠬᠦ ᠨᠡᠶᠢᠭᠡᠮ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 2 ᠰᠠᠷ᠎ᠠ ᠶᠢᠨ 22᠎ ᠤᠨ ᠡᠳᠦᠷ ᠠᠴᠠ 23᠎ ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ︽ᠴᠠᠭᠠᠨ ᠰᠠᠷ᠎ᠠ ᠶᠢᠨ ᠪᠠᠶᠠᠷ︾᠎ ᠤᠨ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠲᠤ ᠡᠷᠭᠢᠯᠡᠪᠡ᠃      ᠤᠷᠤᠯᠳᠤᠭᠠᠨ ᠤ ᠠᠬᠤᠶ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠠᠮᠢᠷᠴᠢᠳ ᠪᠥᠮᠪᠦᠭᠡ ᠪᠠᠷ ᠨᠠᠶᠢᠵᠠ ᠨᠠᠷ ᠲᠠᠢ ᠪᠠᠨ ᠠᠭᠤᠯᠵᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠭᠠᠰᠢ ᠴᠠᠭᠠᠰᠢ ᠶᠠᠪᠤᠵᠤ᠂ ᠪᠥᠮᠪᠦᠭᠡ ᠶᠢᠨ ᠮᠡᠷᠭᠡᠵᠢᠯ ᠢᠶᠠᠨ ᠭᠦᠢᠴᠡᠳ ᠭᠠᠶᠢᠬᠠᠭᠤᠯᠵᠤ᠂ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠳᠤ ᠡᠷᠡᠭᠲᠡᠶ ᠶᠢᠨ ᠭᠠᠭᠴᠠᠭᠠᠷ ᠴᠣᠬᠢᠬᠤ᠂ ᠡᠮᠡᠭᠲᠡᠶ ᠶᠢᠨ ᠭᠠᠭᠴᠠᠭᠠᠷ ᠴᠣᠬᠢᠬᠤ᠂ ᠡᠷᠡᠭᠲᠡᠶ ᠶᠢᠨ ᠬᠤᠣᠰᠯᠠᠨ ᠴᠣᠬᠢᠬᠤ᠂ ᠡᠮᠡᠭᠲᠡᠶ ᠶᠢᠨ ᠬᠤᠣᠰᠯᠠᠨ ᠴᠣᠬᠢᠬᠤ ᠪᠠ ᠬᠤᠯᠢᠮᠠᠭ ᠬᠤᠣᠰᠯᠠᠨ ᠴᠣᠬᠢᠬᠤ ᠲᠠᠪᠤᠨ ᠵᠦᠢᠯ ᠢ ᠲᠣᠬᠢᠷᠠᠭᠤᠯᠵᠤ᠂ ᠪᠦᠬᠦ ᠰᠢᠶᠠᠨ ᠤ ᠡᠯ᠎ᠡ ᠠᠵᠢᠯ ᠲᠥᠷᠥᠯ ᠵᠢᠴᠢ ᠫᠢᠩᠫᠠᠩ ᠪᠥᠮᠪᠥᠭᠡᠨ ᠳᠤ ᠪᠠᠭ᠋ᠠᠲᠠᠶ ᠬᠥᠮᠦᠰ ᠵᠡᠷᠭᠡ 50 ᠭᠠᠷᠤᠶ ᠬᠥᠮᠦᠨ ᠤᠷᠤᠯᠳᠤᠭᠠᠨ ᠳᠤ ᠣᠷᠣᠯᠴᠠᠵᠠᠶ᠃ ᠤᠷᠤᠯᠳᠤᠭᠠᠨ ᠤ ᠬᠤᠭᠤᠴᠠᠭ᠎ᠠ ᠨᠢ ᠬᠤᠶᠠᠷ ᠡᠳᠦᠷ᠂ ᠨᠡᠶᠢᠲᠡ 160 ᠭᠠᠷᠤᠶ ᠲᠠᠯᠠᠪᠤᠷ ᠤᠷᠤᠯᠳᠤᠭᠠᠨ ᠳᠤ ᠣᠷᠣᠯᠴᠠᠵᠤ᠂ ᠲᠠᠪᠤᠨ ᠵᠦᠢᠯ ᠤᠨ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠳᠤ ᠲᠤᠰ ᠪᠦᠷᠢ ᠨᠢᠭᠡ ᠨᠡᠷ᠎ᠡ ᠲᠣᠬᠢᠷᠠᠭᠤᠯᠵᠠᠶ᠃      ᠴᠠᠭᠠᠨ ᠰᠠᠷ᠎ᠠ ᠳᠤ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠬᠥᠭᠡᠭᠡᠴᠡᠯᠳᠦᠯ ᠪᠠ ᠬᠠᠶᠢᠷ᠎ᠠ ᠰᠡᠳᠬᠢᠯᠭᠡ ᠶᠢᠨ ᠨᠠᠶᠢᠳᠠᠯᠭ᠎ᠠ ᠶᠢ ᠰᠢᠩᠭᠡᠭᠡᠵᠦ᠂ ᠲᠤᠰ ᠤᠳᠠᠭ᠎ᠠ ᠶᠢᠨ ᠤᠷᠤᠯᠳᠤᠭᠠᠨ ᠨᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠺᠠᠳ᠋ᠷ ᠠᠵᠢᠯᠳᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠰᠪᠦᠷᠢ ᠬᠠᠲᠠᠭᠤᠵᠢᠯᠲᠠᠢ᠂ ᠰᠢᠷᠭᠠᠭᠤ ᠬᠠᠲᠠᠭᠤᠵᠢᠯᠲᠠᠢ ᠲᠡᠮᠡᠴᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠤ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠪᠠ ᠡᠷᠴᠢ ᠵᠣᠷᠢᠭ ᠢ ᠬᠥᠭᠵᠢᠭᠡᠵᠡᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3