ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ | ᠰᠠᠨᠠᠯ︾ ᠢ ᠳᠠᠷᠤᠮᠠᠯᠯᠠᠨ ᠲᠠᠷᠬᠠᠭᠠᠪᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ︽ᠤᠯᠠᠭᠠᠨᠴᠠᠪ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠤᠭᠰᠠᠨ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠪᠠ᠂ ᠡᠳᠦᠭᠡ | ᠳᠣᠣᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ | ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ | ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ | ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠮᠠᠨ ᠤ ᠬᠤᠲᠠ ᠪᠣᠳᠠᠲᠠᠢ ᠲᠠᠢ ᠪᠠᠨ | ᠤᠶᠠᠯᠳᠤᠭᠤᠯᠤᠨ᠂ ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ | ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠤᠭᠰᠠᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠬᠤ ᠲᠥᠰᠥᠯ︾ ︵ᠳᠣᠷᠣᠭᠰᠢ ︽ᠴᠡᠭᠴᠡᠯᠡᠨ ᠰᠠᠶᠢᠵᠢᠷᠠᠭᠤᠯᠬᠤ ᠲᠥᠰᠥᠯ︾ ᠭᠡᠵᠦ ᠲᠣᠪᠴᠢᠯᠠᠨ᠎ᠠ︶ ᠢ | ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠴᠡᠭᠴᠡᠯᠡᠨ ᠰᠠᠶᠢᠵᠢᠷᠠᠭᠤᠯᠬᠤ ᠲᠥᠰᠥᠯ︾ ᠳᠤ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠠᠷᠭ᠎ᠠ ᠬᠡᠮᠵᠢᠶ᠎ᠡ᠂ ᠠᠵᠢᠯ ᠤᠨ ᠱᠠᠭᠠᠷᠳᠠᠯᠭ᠎ᠠ ᠵᠡᠷᠭᠡ ᠳᠥᠷᠪᠡᠨ ᠬᠡᠰᠡᠭ | ᠠᠭᠤᠯᠭ᠎ᠠ ᠪᠠᠭᠲᠠᠨ᠎ᠠ᠂ ᠭᠤᠣᠯ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ | ᠲᠦᠯᠬᠢᠨ ᠠᠬᠢᠭᠤᠯᠬᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ ᠪᠠᠶᠢᠬᠤ | ᠵᠠᠷᠴᠢᠮ ᠶᠣᠰᠣᠭᠠᠷ᠂ ᠮᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ | ᠲᠦᠯᠬᠢᠨ ᠠᠬᠢᠭᠤᠯᠵᠤ ᠪᠠᠶᠢᠭᠠᠳ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠤᠷᠤᠰᠬᠠᠯ ᠪᠣᠯᠭᠠᠨ᠎ᠠ᠃ | | ︵ᠬᠤᠶᠠᠷ︶ ᠠᠵᠢᠯ ᠤᠨ ᠬᠠᠷᠠᠯᠲᠠ᠃ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠪᠠᠶᠢᠴᠠᠭᠠᠵᠤ ᠬᠢᠨᠠᠯᠲᠠ ᠲᠠᠯᠪᠢᠬᠤ᠂ ᠵᠢᠷᠤᠮᠵᠢᠭᠤᠯᠤᠨ ᠬᠠᠮᠢᠶᠠᠷᠬᠤ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠤᠨ | ᠲᠣᠭᠲᠠᠴᠠ ᠶᠢ ᠰᠢᠯᠢᠳᠡᠭᠵᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠶᠢᠩᠭᠤ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ︔ ᠲᠥᠷᠥᠯ | ᠬᠤᠪᠢᠶᠠᠭᠰᠠᠨ ᠪᠣᠳᠠᠲᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠭᠰᠠᠨ ᠪᠥᠬᠦ ᠬᠡᠯᠬᠢᠶᠡᠰᠦ ᠶᠢᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢ | ᠲᠦᠷᠭᠡᠳᠬᠡᠨ ᠪᠠᠶᠢᠭᠤᠯᠬᠤ ᠬᠡᠷᠡᠭᠲᠡᠢ︔ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ | ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠡᠭᠡᠭᠦᠯᠦᠨ | ᠬᠤᠷᠢᠶᠠᠵᠤ ᠪᠣᠯᠬᠤ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠡᠬᠢ ᠡᠭᠦᠰᠦᠯ ᠠᠴᠠ ᠨᠢ | ᠬᠡᠮᠵᠢᠶ᠎ᠡ ᠶᠢ ᠪᠠᠭᠠᠰᠬᠠᠬᠤ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠨ᠂ ᠳᠥᠭᠦᠮ | ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠶᠣᠰᠣᠭᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ 2025 ᠣᠨ ᠪᠣᠯᠬᠤ ᠳᠤ ᠭᠤᠣᠯ | ᠬᠤᠲᠠ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ ᠶᠢ 60% ᠳᠤ ᠬᠦᠷᠦᠭᠦᠯᠦᠨ᠎ᠡ᠃ | ︵ᠭᠤᠷᠪᠠ︶ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠠᠷᠭ᠎ᠠ ᠬᠡᠮᠵᠢᠶ᠎ᠡ᠃ ᠪᠠᠶᠢᠭᠤᠯᠤᠯ ᠲᠣᠭᠲᠠᠴᠠ ᠶᠢ | ᠪᠦᠷᠢᠨᠰᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠥᠨᠳᠥᠷ ᠪᠠᠶᠢᠷᠢᠨ ᠳᠤ ᠲᠦᠯᠬᠢᠨ ᠠᠬᠢᠭᠤᠯᠵᠤ᠂ | ᠭᠤᠣᠯᠳᠠᠭᠤ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠲᠦᠯᠬᠢᠨ ᠠᠬᠢᠭᠤᠯᠬᠤ | ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠬᠤ᠂ ᠠᠵᠢᠯ ᠤᠨ ᠲᠣᠭᠲᠠᠴᠠ ᠶᠢ ᠪᠦᠷᠢᠨᠰᠢᠭᠦᠯᠬᠦ᠂ | ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠬᠤ ᠵᠡᠷᠭᠡ ᠲᠠᠯ᠎ᠠ ᠠᠴᠠ ᠭᠠᠷᠳᠠᠨ᠎ᠠ᠃ ᠬᠤᠭ ᠨᠣᠪᠰᠢ ᠶᠢ ᠲᠥᠷᠥᠯ | ᠬᠤᠪᠢᠶᠠᠵᠦ ᠴᠤᠭᠯᠠᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠭᠤᠣᠯᠳᠠᠭᠤ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠨᠠᠮ | ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ᠂ ᠬᠡᠲᠦ ᠳᠡᠯᠭᠡᠭᠦᠷ | ᠵᠡᠷᠭᠡ ᠲᠠᠯ᠎ᠠ ᠪᠠᠷ ᠪᠥᠬᠦ ᠬᠡᠯᠬᠢᠶᠡᠰᠦ ᠶᠢᠨ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ︔ | ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠶᠢ ᠵᠢᠷᠤᠮᠵᠢᠭᠤᠯᠵᠤ᠂ ᠭᠤᠣᠯᠳᠠᠭᠤ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠠᠵᠢᠯ ᠢ ᠴᠢᠩᠭᠠᠳᠬᠠᠬᠤ᠂ ︽ᠲᠣᠭᠲᠠᠭᠰᠠᠨ ᠴᠠᠭ ᠲᠣᠭᠲᠠᠭᠰᠠᠨ ᠴᠡᠭ︾ ᠲᠤ | ᠬᠠᠶᠠᠬᠤ ᠪᠠ ︽ᠰᠠᠭᠤᠯᠠᠭ᠎ᠠ ᠶᠢᠨ ᠬᠥᠪᠡᠭᠡ ᠶᠢ ᠵᠢᠵᠢᠭᠦᠷᠯᠡᠨ ᠰᠠᠬᠢᠬᠤ︾ ᠠᠵᠢᠯ ᠢ ᠬᠡᠷᠡᠭᠵᠢᠭᠦᠯᠬᠦ᠂ ᠬᠤᠭ ᠨᠣᠪᠰᠢ ᠶᠢ | ᠲᠥᠷᠥᠯ ᠬᠤᠪᠢᠶᠠᠨ ᠬᠠᠮᠢᠶᠠᠷᠬᠤ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ | ᠪᠥᠬᠦ ᠨᠡᠶᠢᠭᠡᠮ ᠢᠶᠠᠷ ᠢᠶᠠᠨ ᠣᠷᠣᠯᠴᠠᠬᠤ ᠠᠷᠭ᠎ᠠ ᠵᠠᠮ ᠢ ᠰᠦᠪᠡᠭᠴᠢᠯᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠨ | ᠳᠠᠶᠢᠴᠢᠯᠠᠬᠤ ᠪᠠ ᠤᠬᠠᠭᠤᠯᠤᠨ ᠬᠥᠮᠥᠵᠢᠭᠦᠯᠬᠦ ᠶᠢ ᠴᠢᠩᠭᠠᠷᠠᠭᠤᠯᠵᠤ᠂ ᠭᠤᠣᠯᠳᠠᠭᠤ ᠤᠬᠠᠭᠤᠯᠬᠤ ᠠᠵᠢᠯᠯᠠᠭ᠎ᠠ ᠶᠢᠨ | ᠡᠷᠴᠢᠮ ᠪᠠ ᠲᠤᠭ᠎ᠠ ᠶᠢ ᠨᠡᠮᠡᠭᠳᠡᠭᠦᠯᠬᠦ᠂ ᠤᠬᠠᠭᠤᠯᠬᠤ ᠠᠴᠢᠶᠠᠯᠠᠪᠤᠷᠢ ᠶᠢ ᠪᠠᠶᠠᠯᠢᠭᠵᠢᠭᠤᠯᠬᠤ᠂ ᠤᠬᠠᠭᠤᠯᠬᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ᠂ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠠᠷᠭ᠎ᠠ ᠮᠠᠶ᠋ᠢᠭ ᠲᠤ | ᠠᠭᠤᠰᠤᠯᠴᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠬᠤ ᠬᠡᠪᠴᠢᠶ᠎ᠡ ᠶᠢ ᠨᠡᠮᠡᠭᠳᠡᠭᠦᠯᠬᠦ᠂ | ᠤᠬᠠᠭᠤᠯᠬᠤ ᠦᠷ᠎ᠡ ᠪᠦᠲᠦᠮᠵᠢ ᠶᠢ ᠥᠷᠭᠡᠳᠬᠡᠬᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠢᠳᠤᠷᠠᠯ ᠤᠨ ᠬᠤᠭ | ᠨᠣᠪᠰᠢ ᠶᠢ ᠲᠦᠷᠦᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠬᠤ ᠵᠡᠷᠭᠡ ᠲᠠᠯ᠎ᠠ ᠪᠠᠷ | ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠲᠣᠳᠣᠷᠬᠠᠢ ᠲᠡᠭᠦᠯᠳᠡᠷᠵᠢᠭᠦᠯᠦᠨ᠎ᠡ᠃ ︵ᠳᠥᠷᠪᠡ | ︶ ᠠᠵᠢᠯ ᠤᠨ ᠱᠠᠭᠠᠷᠳᠠᠯᠭ᠎ᠠ᠃ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ | ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠬᠤ᠂ ᠤᠬᠠᠭᠤᠯᠵᠤ ᠬᠥᠲᠥᠯᠥᠨ ᠵᠢᠯᠤᠭᠤᠳᠬᠤ ᠶᠢ | ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠠᠮᠢᠳᠤᠷᠠᠯ ᠤᠨ ᠬᠤᠭ ᠨᠣᠪᠰᠢ ᠶᠢ ᠳᠦᠷᠦᠯ ᠬᠤᠪᠢᠶᠠᠬᠤ ᠳᠦᠷᠢᠮ ᠢ | ᠲᠦᠷᠭᠡᠨ ᠪᠠᠶᠢᠭᠤᠯᠬᠤ ᠶᠢ ᠲᠣᠳᠣᠷᠬᠠᠶᠢᠯᠠᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ | ᠲᠦᠷᠭᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠣᠷ ᠦᠭᠡᠶᠢᠵᠢᠬᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠢ | ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃ | ᠭᠤᠷᠪᠠ᠂ ᠲᠣᠭᠲᠠᠭᠠᠭᠰᠠᠨ ᠠᠴᠢ ᠬᠤᠯᠪᠣᠭᠳᠠᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ | ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ | ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ︾ ᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠦᠬᠦ | ᠲᠠᠯ᠎ᠠ ᠪᠠᠷ ᠠᠬᠢᠭᠤᠯᠵᠤ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠠᠴᠠ ᠲᠦᠯᠬᠢᠨ | ᠠᠬᠢᠭᠤᠯᠤᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠳᠦᠷᠢᠮ ᠢ ᠲᠦᠷᠭᠡᠪᠴᠢᠯᠡᠨ | ᠪᠠᠶᠢᠭᠤᠯᠵᠤ᠂ ᠲᠦᠷᠦᠯ ᠬᠤᠪᠢᠶᠠᠨ ᠲᠠᠯᠪᠢᠬᠤ᠂ ᠲᠦᠷᠦᠯ ᠬᠤᠪᠢᠶᠠᠨ ᠴᠤᠭᠯᠠᠭᠤᠯᠬᠤ᠂ ᠲᠦᠷᠦᠯ ᠬᠤᠪᠢᠶᠠᠨ | ᠲᠡᠭᠡᠭᠡᠪᠦᠷᠢᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ | ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | ᠳᠠᠳᠬᠠᠯ ᠲᠠᠢ ᠪᠣᠯᠬᠤ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ | ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | 2024 ᠣᠨ ᠤ 1 ᠰᠠᠷ᠎ᠠ ᠶᠢᠨ 14 ᠤ ᠡᠳᠦᠷ | | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ | |