ᠵᠢᠯ ᠤᠨ ᠡᠴᠦᠰ ᠪᠣᠯᠬᠤ ᠳᠤ ᠲᠩᠷᠢ ᠬᠦᠢᠲᠡᠷᠡᠵᠦ ᠬᠠᠶᠢᠷ᠎ᠠ ᠰᠡᠳᠬᠢᠯᠭᠡ ᠪᠢᠯᠬᠠᠮ᠎ᠠ᠂ ᠴᠠᠭᠠᠨ ᠰᠠᠷ᠎ᠠ ᠶᠢᠨ | ᠲᠣᠬᠤᠨᠢᠭᠤᠯᠤᠯ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ 2024 ᠣᠨ ᠤ ᠴᠠᠭᠠᠨ ᠰᠠᠷ᠎ᠠ ᠬᠦᠷᠴᠦ | ᠢᠷᠡᠬᠦ ᠠᠴᠠ ᠡᠮᠦᠨᠡᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠨᠠᠮ ᠤᠨ | ᠬᠤᠷᠢᠶ᠎ᠡ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ | ᠬᠥᠮᠦᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠬᠥᠬᠡᠬᠤᠲᠠ ᠳᠤ ᠬᠦᠷᠴᠦ ᠨᠡᠭᠦᠳᠡᠯ | ᠬᠦᠴᠢᠷᠳᠡᠯᠲᠡᠢ ᠨᠠᠮ ᠤᠨ ᠭᠡᠰᠢᠭᠦᠳ ᠢ ᠲᠣᠬᠤᠨᠢᠭᠤᠯᠵᠤ᠂ ᠨᠠᠮ ᠤᠨ ᠬᠠᠶᠢᠷ᠎ᠠ ᠬᠠᠯᠠᠮᠵᠢ ᠪᠣᠯᠤᠨ ᠴᠠᠭᠠᠨ ᠰᠠᠷ᠎ᠠ ᠶᠢᠨ | ᠮᠡᠨᠳᠦᠴᠢᠯᠡᠯ ᠢ ᠬᠦᠷᠭᠡᠪᠡ᠃ | 2 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠲᠣᠬᠤᠨᠢᠭᠤᠯᠬᠤ ᠳᠤᠭᠤᠶᠢᠯᠠᠩ ᠤᠨ ᠬᠢᠨ | ᠠᠮᠢᠳᠤᠷᠠᠯ ᠨᠢ ᠬᠦᠴᠢᠷᠳᠡᠯᠲᠡᠢ ᠬᠡᠰᠡᠭ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠤ ᠭᠡᠷ ᠲᠤ ᠬᠦᠷᠴᠦ᠂ | ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠦᠢᠯᠡᠳᠪᠦᠷᠢᠯᠡᠯ᠂ ᠡᠷᠡᠭᠦᠯ | ᠮᠡᠨᠳᠤ ᠶᠢᠨ ᠪᠠᠶᠢᠳᠠᠯ ᠵᠢᠴᠢ ᠦᠷ᠎ᠡ ᠬᠡᠦᠬᠡᠳ ᠤᠨ ᠬᠢᠨᠢ ᠰᠤᠷᠤᠯᠴᠠᠯᠭ᠎ᠠ ᠠᠵᠢᠯ ᠣᠯᠭᠤᠯᠲᠠ ᠶᠢᠨ ᠪᠠᠶᠢᠳᠠᠯ ᠢ | ᠣᠶᠢᠯᠠᠭᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠬᠦᠯᠢᠴᠡᠩᠭᠦᠢ ᠰᠣᠨᠣᠰᠴᠤ᠂ ᠲᠡᠳᠡᠨ ᠤ ᠨᠠᠮ ᠪᠣᠯᠤᠨ ᠵᠠᠰᠠᠭ ᠤᠨ | ᠣᠷᠳᠣᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠨᠠᠮ ᠤᠨ ᠵᠣᠬᠢᠶᠠᠨ ᠪᠠᠶᠢᠭᠤᠯᠤᠯᠲᠠ ᠢᠮᠠᠭᠲᠠ | ᠲᠡᠳᠡᠨ ᠤ ᠰᠡᠳᠬᠢᠯ ᠢ ᠮᠡᠳᠡᠭᠴᠢ᠂ ᠵᠣᠪᠠᠨᠢᠯ ᠢ ᠲᠠᠶᠢᠯᠤᠭᠴᠢ ᠪᠣᠯᠵᠤ᠂ ᠲᠡᠳᠡᠨ ᠤ ᠵᠣᠯ ᠵᠢᠷᠭᠠᠯᠲᠤ ᠠᠮᠢᠳᠤᠷᠠᠯ ᠢ | ᠬᠠᠮᠠᠭᠠᠯᠠᠬᠤ ᠶᠢᠨ ᠬᠠᠮᠲᠤ ᠲᠡᠳᠡᠨ ᠤ ᠰᠢᠨ᠎ᠡ ᠨᠢᠭᠡᠨ ᠵᠢᠯ ᠳᠡᠭᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ | ᠢᠷᠥᠭᠡᠨ᠎ᠡ ᠭᠡᠵᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |