ᠰᠢᠩ ᠡᡁᠧ ᠰᠢᠶᠠᠨ ︽ᠴᠠᠭᠠᠨ ᠰᠠᠷ᠎ᠠ ᠳᠤ ᠬᠠᠯᠠᠭᠤᠨ ᠳᠤᠯᠠᠭᠠᠨ ᠨᠠᠮᠠᠭ᠎ᠠ ᠶᠢ ᠬᠦᠷᠭᠡᠬᠦ︾ ᠴᠠᠭᠠᠨ ᠰᠠᠷ᠎ᠠ ᠳᠤ ᠨᠡᠭᠦᠳᠡᠯ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/2/8
     ᠵᠢᠯ ᠤᠨ ᠡᠴᠦᠰ ᠪᠣᠯᠬᠤ ᠳᠤ ᠲᠩᠷᠢ ᠬᠦᠢᠲᠡᠷᠡᠵᠦ ᠬᠠᠶᠢᠷ᠎ᠠ ᠰᠡᠳᠬᠢᠯᠭᠡ ᠪᠢᠯᠬᠠᠮ᠎ᠠ᠂ ᠴᠠᠭᠠᠨ ᠰᠠᠷ᠎ᠠ ᠶᠢᠨ ᠲᠣᠬᠤᠨᠢᠭᠤᠯᠤᠯ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ 2024 ᠣᠨ ᠤ ᠴᠠᠭᠠᠨ ᠰᠠᠷ᠎ᠠ ᠬᠦᠷᠴᠦ ᠢᠷᠡᠬᠦ ᠠᠴᠠ ᠡᠮᠦᠨᠡᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠬᠥᠬᠡᠬᠤᠲᠠ ᠳᠤ ᠬᠦᠷᠴᠦ ᠨᠡᠭᠦᠳᠡᠯ ᠬᠦᠴᠢᠷᠳᠡᠯᠲᠡᠢ ᠨᠠᠮ ᠤᠨ ᠭᠡᠰᠢᠭᠦᠳ ᠢ ᠲᠣᠬᠤᠨᠢᠭᠤᠯᠵᠤ᠂ ᠨᠠᠮ ᠤᠨ ᠬᠠᠶᠢᠷ᠎ᠠ ᠬᠠᠯᠠᠮᠵᠢ ᠪᠣᠯᠤᠨ ᠴᠠᠭᠠᠨ ᠰᠠᠷ᠎ᠠ ᠶᠢᠨ ᠮᠡᠨᠳᠦᠴᠢᠯᠡᠯ ᠢ ᠬᠦᠷᠭᠡᠪᠡ᠃      2 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠲᠣᠬᠤᠨᠢᠭᠤᠯᠬᠤ ᠳᠤᠭᠤᠶᠢᠯᠠᠩ ᠤᠨ ᠬᠢᠨ ᠠᠮᠢᠳᠤᠷᠠᠯ ᠨᠢ ᠬᠦᠴᠢᠷᠳᠡᠯᠲᠡᠢ ᠬᠡᠰᠡᠭ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠤ ᠭᠡᠷ ᠲᠤ ᠬᠦᠷᠴᠦ᠂ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠦᠢᠯᠡᠳᠪᠦᠷᠢᠯᠡᠯ᠂ ᠡᠷᠡᠭᠦᠯ ᠮᠡᠨᠳᠤ ᠶᠢᠨ ᠪᠠᠶᠢᠳᠠᠯ ᠵᠢᠴᠢ ᠦᠷ᠎ᠡ ᠬᠡᠦᠬᠡᠳ ᠤᠨ ᠬᠢᠨᠢ ᠰᠤᠷᠤᠯᠴᠠᠯᠭ᠎ᠠ ᠠᠵᠢᠯ ᠣᠯᠭᠤᠯᠲᠠ ᠶᠢᠨ ᠪᠠᠶᠢᠳᠠᠯ ᠢ ᠣᠶᠢᠯᠠᠭᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠬᠦᠯᠢᠴᠡᠩᠭᠦᠢ ᠰᠣᠨᠣᠰᠴᠤ᠂ ᠲᠡᠳᠡᠨ ᠤ ᠨᠠᠮ ᠪᠣᠯᠤᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠨᠠᠮ ᠤᠨ ᠵᠣᠬᠢᠶᠠᠨ ᠪᠠᠶᠢᠭᠤᠯᠤᠯᠲᠠ ᠢᠮᠠᠭᠲᠠ ᠲᠡᠳᠡᠨ ᠤ ᠰᠡᠳᠬᠢᠯ ᠢ ᠮᠡᠳᠡᠭᠴᠢ᠂ ᠵᠣᠪᠠᠨᠢᠯ ᠢ ᠲᠠᠶᠢᠯᠤᠭᠴᠢ ᠪᠣᠯᠵᠤ᠂ ᠲᠡᠳᠡᠨ ᠤ ᠵᠣᠯ ᠵᠢᠷᠭᠠᠯᠲᠤ ᠠᠮᠢᠳᠤᠷᠠᠯ ᠢ ᠬᠠᠮᠠᠭᠠᠯᠠᠬᠤ ᠶᠢᠨ ᠬᠠᠮᠲᠤ ᠲᠡᠳᠡᠨ ᠤ ᠰᠢᠨ᠎ᠡ ᠨᠢᠭᠡᠨ ᠵᠢᠯ ᠳᠡᠭᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠢᠷᠥᠭᠡᠨ᠎ᠡ ᠭᠡᠵᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3