ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠨ ᠰᠢᠨ᠎ᠡ ᠬᠠᠭᠤᠳᠠᠰᠤ ᠶᠢ ᠪᠢᠴᠢᠭᠯᠡᠵᠦ ᠡᠷᠡᠯᠬᠡᠭᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/2/9
     
     ᠴᠠᠭ      2024ᠤᠨ ᠤ 2 ᠰᠠᠷ᠎ᠠ ᠶᠢᠨ 9᠎ ᠤ ᠡᠳᠦᠷ      ᠬᠦᠨᠳᠦᠲᠦ ᠵᠣᠴᠢᠨ      ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠶ ᠳ᠋ᠦᠩ      ᠲᠣᠪᠴᠢᠯᠠᠯ      ᠰᠢᠩ ᠾᠧ ᠰᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠦᠨᠡᠨ ᠬᠦ ᠣᠨᠣᠪᠴᠢᠲᠠᠶ ᠡᠷᠢᠵᠦ᠂ ᠠᠵᠢᠯ ᠤᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠷᠢᠨ ᠲᠠᠩᠰᠠᠵᠢᠭᠤᠯᠤᠨ ᠨᠠᠶᠢᠷᠠᠭᠤᠯᠤᠨ ᠵᠢᠭᠰᠠᠭᠠᠬᠤ᠂ ᠲᠥᠷᠥᠯ ᠵᠦᠢᠯ ᠪᠣᠯᠭᠠᠨ ᠠᠬᠢᠭᠤᠯᠬᠤ᠂ ᠬᠠᠷᠢᠭᠤᠴᠠᠯᠭ᠎ᠠ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠦᠭᠡ ᠥᠭᠦᠯᠡᠪᠦᠷᠢ ᠨᠢ ᠬᠥᠭᠵᠢᠯᠲᠡ ᠶᠢ ᠠᠬᠢᠭᠤᠯᠬᠤ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠢᠲᠡᠭᠡᠯ ᠵᠣᠷᠢᠭ᠂ ᠠᠷᠠᠳ ᠤᠨ ᠠᠮᠢᠳᠤᠷᠠᠯ ᠢ ᠠᠩᠬᠠᠷᠬᠤ ᠬᠠᠶᠢᠷ᠎ᠠ ᠰᠡᠳᠬᠢᠯᠭᠡ ᠪᠠᠷ ᠪᠢᠯᠬᠠᠮ᠎ᠠ ᠪᠠᠶᠢᠵᠤ᠂ ᠬᠥᠮᠦᠰ ᠲᠤ ᠲᠦᠢᠯ ᠤᠨ ᠳᠣᠲᠣᠨᠣ ᠪᠥᠭᠡᠳ ᠶᠡᠬᠡᠳᠡ ᠵᠣᠷᠢᠭᠵᠢᠭᠤᠯᠤᠯ ᠪᠣᠯᠪᠠ ᠃ ᠮᠡᠳᠡᠭᠦᠯᠦᠯᠲᠡ ᠨᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠬᠤ᠂ ᠴᠥᠬᠦᠷᠡᠰᠢ ᠦᠭᠡᠢ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃︾ ᠣᠶᠢᠷ᠎ᠠ ᠳᠤ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠺᠠᠶ ᠳ᠋ᠦᠩ ᠰᠤᠷᠪᠤᠯᠵᠢᠯᠠᠭ᠎ᠠ ᠬᠦᠯᠢᠶᠡᠵᠦ ᠪᠠᠶᠢᠨ᠎ᠠ᠃      ᠯᠢ ᠺᠠᠶ ᠳ᠋ᠦᠩ᠄ ᠰᠢᠩ ᠾᠧ ᠰᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠦᠨᠡᠨ ᠬᠦ ᠣᠨᠣᠪᠴᠢᠲᠠᠶ ᠣᠯᠵᠤ᠂ ᠠᠵᠢᠯ ᠤᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠷᠢᠨ ᠲᠠᠩᠰᠠᠵᠢᠭᠤᠯᠤᠨ ᠨᠠᠶᠢᠷᠠᠭᠤᠯᠤᠨ ᠵᠢᠭᠰᠠᠭᠠᠬᠤ᠂ ᠲᠥᠷᠥᠯ ᠵᠦᠢᠯᠵᠢᠭᠦᠯᠦᠨ ᠠᠬᠢᠭᠤᠯᠬᠤ᠂ ᠬᠠᠷᠢᠭᠤᠴᠠᠯᠭ᠎ᠠ ᠲᠠᠢ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃      ᠵᠢᠷᠤᠭ ᠲᠥᠯᠥᠪᠯᠡᠭᠡ ᠨᠢᠭᠡᠨᠲᠡ ᠵᠢᠷᠤᠭᠯᠠᠵᠠᠢ᠃ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠰᠢᠩ ᠾᠧ ᠰᠢᠶᠠᠨ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ      ᠯᠢ ᠺᠠᠢ ᠳ᠋ᠦᠩ᠄      ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠰᠢᠩ ᠾᠧ ᠰᠢᠶᠠᠨ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠳᠠᠭᠠᠭᠤᠯᠤᠭᠴᠢ ᠶᠢ ᠬᠦᠴᠦᠷᠬᠡᠭᠵᠢᠭᠦᠯᠵᠦ᠂ ᠬᠡᠯᠬᠢᠶ᠎ᠡ ᠶᠢ ᠤᠷᠲᠤᠳᠬᠠᠵᠤ᠂ ᠪᠥᠭᠡᠮᠨᠡᠷᠡᠯ ᠢ ᠪᠥᠭᠡᠮᠨᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠪᠠ ᠰᠣᠶᠣᠯ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠵᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ᠂ ᠰᠢᠨ᠎ᠡ ᠠᠮᠢᠵᠢᠷᠠᠯ ᠤᠨ ᠬᠦᠴᠦᠨ ᠢ ᠦᠷᠭᠦᠯᠵᠢᠯᠡᠨ ᠪᠤᠶᠢᠵᠢᠭᠤᠯᠤᠨ ᠠᠬᠢᠭᠤᠯᠤᠨ᠎ᠠ᠃      ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠬᠦᠴᠦᠯᠡᠨ ᠪᠠᠬᠢᠵᠢᠭᠦᠯᠬᠦ ᠬᠡᠷᠡᠭᠲᠡᠢ᠃ ᠰᠢᠩ ᠡᡁᠧ ᠰᠢᠶᠠᠨ ᠤ ᠬᠢᠨ ︽ᠬᠤᠶᠠᠷ ᠠᠭᠤᠯᠠ︾᠎ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠭᠤᠷᠪᠠᠨ ᠤᠮᠠᠷᠠᠲᠤ︾᠎ ᠶᠢᠨ ᠬᠠᠯᠬᠠᠪᠴᠢ ᠤᠢ᠂ ᠤᠢ ᠰᠢᠭᠤᠢ ᠶᠢ ᠠᠷᠠᠴᠢᠯᠠᠨ ᠪᠤᠶᠢᠵᠢᠭᠤᠯᠬᠤ᠂ ᠬᠥᠷᠥᠰᠥ ᠰᠢᠷᠣᠢ ᠶᠢ ᠬᠠᠮᠠᠭᠠᠯᠠᠬᠤ ᠵᠡᠷᠭᠡ ᠤᠯᠤᠰ ᠤᠨ ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢ ᠴᠢᠩᠭᠠᠳᠬᠠᠨ᠎ᠠ︔ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢ ᠲᠦᠷᠭᠡᠳᠬᠡᠵᠦ᠂ ᠲᠩᠷᠢ ᠶᠢ ᠨᠡᠩ ᠴᠡᠯᠮᠡᠭ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠣᠷᠴᠢᠨ ᠲᠣᠭᠤᠷᠢᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃      ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠰᠢᠩ ᠡᡁᠧ ᠰᠢᠶᠠᠨ ᠤ ᠬᠢᠨ ︽ᠲᠦᠷᠪᠡᠨ ᠦᠨᠳᠦᠰᠦᠨ ᠱᠠᠲᠤᠨ ᠳᠤ ᠪᠠᠭᠤᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠰᠠᠶᠢᠲᠤᠷ ᠬᠢᠬᠦ ᠶᠢ ᠪᠠᠲᠤᠯᠠᠵᠤ᠂ ᠠᠷᠠᠳ ᠤᠨ ᠠᠮᠢᠳᠤᠷᠠᠯ ᠳᠤ ᠲᠠᠰᠤᠷᠠᠯᠲᠠ ᠦᠭᠡᠢ ︽ᠺᠣᠳ᠋ ᠨᠡᠮᠡᠵᠦ︾᠂ ᠵᠣᠯ ᠵᠢᠷᠭᠠᠯ ᠤᠨ ᠲᠥᠯᠥᠭᠡ ︽ᠲᠦᠷᠭᠡᠨ ᠠᠵᠢᠯᠯᠠᠵᠤ︾᠂ ᠠᠮᠢᠳᠤᠷᠠᠯ ᠤᠨ ᠲᠥᠯᠥᠭᠡ ︽ᠬᠦᠴᠦ ᠨᠡᠮᠡᠬᠦ︾᠎ ᠶᠢ ᠪᠠᠲᠤᠯᠠᠨ᠎ᠠ᠃ ︽ᠮᠢᠩᠭᠠᠨ ᠲᠦᠮᠡᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠤᠨ᠎ᠠ᠃      ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠰᠢᠨ᠎ᠡ ᠠᠶᠠᠨ ᠢ ᠡᠬᠢᠯᠡᠭᠦᠯᠵᠦ᠂ ᠳᠠᠷᠪᠠᠭᠤᠯ ᠬᠡᠶᠢᠰᠬᠡᠨ ᠡᠷᠡᠯᠬᠡᠭᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠯᠢ ᠺᠠᠶ ᠳ᠋ᠦᠩ ᠢᠯᠡᠷᠬᠡᠶᠢᠯᠡᠬᠦ ᠳᠡᠭᠡᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠪᠢᠲᠡᠭᠦᠮᠵᠢᠯᠡᠯ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠲᠦᠷᠭᠡᠨ ᠨᠠᠶᠢᠳᠠᠪᠤᠷᠢᠵᠢᠭᠤᠯᠵᠤ᠂ ᠦᠨᠡᠨ ᠬᠦ ᠨᠠᠶᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠩ ᠾᠧ ᠬᠦᠴᠦᠨ ᠴᠢᠳᠠᠯ ᠢᠶᠠᠨ ᠡᠷᠭᠦᠨ᠎ᠡ ᠭᠡᠵᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3