ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ 114 ᠳ᠋ᠦᠭᠡᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ | ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠴᠧᠩ ᠭᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠬᠠᠮᠲᠤ ᠪᠠᠷ ᠡᠷᠭᠢᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ | ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢᠨ ︽ᠮᠡᠳᠡᠯᠭᠡ ᠶᠢᠨ ᠠᠰᠠᠭᠤᠯᠲᠠ ᠬᠠᠷᠢᠭᠤᠯᠲᠠ︾᠂ ᠮᠡᠬᠡᠯᠡᠯ ᠢ ᠡᠰᠡᠷᠭᠦᠴᠡᠬᠦ ᠮᠡᠳᠡᠯᠭᠡ᠂ | ᠬᠤᠣᠷ᠎ᠠ ᠴᠠᠭᠠᠵᠠᠯᠠᠬᠤ ᠮᠡᠳᠡᠯᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ | ᠤᠬᠠᠭᠤᠯᠤᠨ ᠲᠠᠶᠢᠯᠪᠤᠷᠢᠯᠠᠯᠲᠠ ᠲᠠᠢ᠃ ᠡᠯ ᠷᠧᠨ ᠲᠠᠶᠢᠰᠠ᠂ ᠪᠥᠵᠢᠭ᠂ ᠭᠤᠴᠣᠯᠠᠯ ᠳᠠᠭᠤᠤ᠂ ᠶᠠᠩᠭᠠᠷ ᠵᠡᠷᠭᠡ | ᠭᠤᠴᠣ ᠰᠠᠶᠢᠬᠠᠨ ᠲᠣᠭᠯᠠᠯᠲᠠ ᠨᠢ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠥᠳᠬᠡᠨ ᠵᠤᠵᠠᠭᠠᠨ ᠠᠭᠤᠷ ᠠᠮᠢᠰᠬᠤᠯ ᠢ | ᠪᠤᠢ ᠪᠣᠯᠭᠠᠭᠰᠠᠨ ᠪᠥᠭᠡᠳ ᠥᠷᠭᠡᠨ ᠤᠯᠠᠨ ᠡᠮᠡᠭᠲᠡᠶᠢᠴᠦᠳ ᠤᠨ ᠦᠷᠭᠦᠯᠵᠢᠯᠡᠨ ᠮᠠᠨ ᠤ ᠰᠢᠶᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠠᠬᠢᠨ ᠰᠢᠨ᠎ᠡ ᠶᠢ ᠡᠭᠦᠳᠴᠦ᠂ ᠲᠠᠬᠢᠨ ᠰᠢᠨ᠎ᠡ ᠭᠠᠪᠢᠶ᠎ᠠ | ᠪᠠᠶᠢᠭᠤᠯᠵᠤ᠂ ᠡᠮᠡᠭᠲᠡᠶᠢᠴᠦᠳ ᠤᠨ ︽ᠬᠤᠶᠠᠷ ᠣᠨᠴᠠᠭᠠᠢ ᠦᠢᠯᠡᠳᠦᠯ︾ ᠢ ᠭᠦᠢᠴᠡᠳ ᠪᠠᠳᠠᠷᠠᠭᠤᠯᠵᠤ᠂ ᠮᠠᠨ ᠤ | ᠰᠢᠶᠠᠨ ᠢᠶᠠᠨ ᠨᠡᠩ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠰᠠᠶᠢᠨ ᠰᠠᠶᠢᠬᠠᠨ ᠪᠣᠯᠭᠠᠨ | ᠪᠦᠳᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |