ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/3/11
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 114 ᠳ᠋ᠦᠭᠡᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠧᠩ ᠭᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︽3 · 8︾ ᠤ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠢ ᠬᠠᠮᠲᠤ ᠪᠠᠷ ᠡᠷᠭᠢᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ︽ᠮᠡᠳᠡᠯᠭᠡ ᠶᠢᠨ ᠠᠰᠠᠭᠤᠯᠲᠠ ᠬᠠᠷᠢᠭᠤᠯᠲᠠ︾᠂ ᠮᠡᠬᠡᠯᠡᠯ ᠢ ᠡᠰᠡᠷᠭᠦᠴᠡᠬᠦ ᠮᠡᠳᠡᠯᠭᠡ᠂ ᠬᠤᠣᠷ᠎ᠠ ᠴᠠᠭᠠᠵᠠᠯᠠᠬᠤ ᠮᠡᠳᠡᠯᠭᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠤᠬᠠᠭᠤᠯᠤᠨ ᠲᠠᠶᠢᠯᠪᠤᠷᠢᠯᠠᠯᠲᠠ ᠲᠠᠢ᠃ ᠡᠯ ᠷᠧᠨ ᠲᠠᠶᠢᠰᠠ᠂ ᠪᠥᠵᠢᠭ᠂ ᠭᠤᠴᠣᠯᠠᠯ ᠳᠠᠭᠤᠤ᠂ ᠶᠠᠩᠭᠠᠷ ᠵᠡᠷᠭᠡ ᠭᠤᠴᠣ ᠰᠠᠶᠢᠬᠠᠨ ᠲᠣᠭᠯᠠᠯᠲᠠ ᠨᠢ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠥᠭᠡᠳ ᠥᠷᠭᠡᠨ ᠤᠯᠠᠨ ᠡᠮᠡᠭᠲᠡᠶᠢᠴᠦᠳ ᠤᠨ ᠦᠷᠭᠦᠯᠵᠢᠯᠡᠨ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠠᠬᠢᠨ ᠰᠢᠨ᠎ᠡ ᠶᠢ ᠡᠭᠦᠳᠴᠦ᠂ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠡᠮᠡᠭᠲᠡᠶᠢᠴᠦᠳ ᠤᠨ ︽ᠬᠤᠶᠠᠷ ᠣᠨᠴᠠᠭᠠᠢ ᠦᠢᠯᠡᠳᠦᠯ︾ ᠢ ᠭᠦᠢᠴᠡᠳ ᠪᠠᠳᠠᠷᠠᠭᠤᠯᠵᠤ᠂ ᠮᠠᠨ ᠤ ᠰᠢᠶᠠᠨ ᠢᠶᠠᠨ ᠨᠡᠩ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3