3 ᠰᠠᠷ᠎ᠠ ᠶᠢᠨ 11 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠤ ᠷᠦᠢ ᠵᠢᠶᠦ᠋ᠨ ᠰᠢᠶᠠᠨ ᠤ ᠬᠡᠰᠡᠭ | ᠲᠥᠯᠥᠭᠡᠯᠡᠭᠴᠢ ᠭᠡᠰᠢᠭᠦᠳ ᠢ ᠳᠠᠭᠠᠭᠤᠯᠤᠨ᠂ ᠰᠢᠩ ᠾᠧ ᠬᠤᠶᠢᠲᠤ ᠥᠷᠲᠡᠭᠡᠨ ᠤ ᠡᠮᠦᠨᠡᠬᠢ ᠵᠠᠮ ᠬᠠᠷᠢᠯᠴᠠᠭᠠᠨ ᠤ | ᠵᠠᠬᠢᠷᠤᠨ ᠬᠠᠮᠢᠶᠠᠷᠤᠯᠲᠠ ᠶᠢ ᠵᠢᠷᠤᠮᠵᠢᠭᠤᠯᠬᠤ ᠰᠠᠨᠠᠯ ᠰᠠᠨᠠᠭᠤᠯᠭ᠎ᠠ ᠶᠢ ᠲᠤᠬᠠᠶ ᠶᠢᠨ ᠭᠠᠵᠠᠷ ᠲᠤᠨᠢ ᠠᠩᠬᠠᠷᠤᠨ | ᠰᠢᠢᠳᠪᠦᠷᠢᠯᠡᠵᠡᠢ᠃ | ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ ᠥᠷᠲᠡᠭᠡᠨ ᠠᠴᠠ ᠡᠮᠦᠨᠡᠬᠢ ᠵᠠᠮ ᠤᠨ ᠠᠶᠠᠨᠴᠢᠳ ᠠᠴᠠ | ᠬᠤᠴᠣᠷᠤᠭᠰᠠᠨ ᠴᠠᠭ᠂ ᠵᠠᠮ ᠬᠠᠷᠢᠯᠴᠠᠭᠠᠨ ᠤ ᠲᠦᠭᠵᠢᠷᠡᠯ᠂ ᠵᠣᠭᠰᠣᠭᠠᠯ ᠤᠨ ᠡᠮᠬᠢ ᠵᠢᠷᠤᠮ ᠦᠭᠡᠢ ᠵᠡᠷᠭᠡ | ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠳᠠᠭᠠᠭᠠᠨ ᠡᠷᠬᠢᠯᠡᠬᠦ ᠨᠢᠭᠡᠴᠡ ᠲᠠᠢ ᠨᠢᠭᠤᠷᠳᠠᠨ | ᠨᠡᠪᠲᠡᠷᠡᠯᠴᠡᠵᠦ᠂ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠰᠢᠨᠵᠢᠯᠡᠬᠦ ᠤᠬᠠᠭᠠᠨᠴᠢ | ᠪᠦᠲᠦᠮᠵᠢᠲᠡᠢ ᠵᠦᠢ ᠵᠣᠬᠢᠰᠲᠠᠢ ᠠᠷᠭ᠎ᠠ ᠬᠡᠮᠵᠢᠶ᠎ᠡ ᠶᠢ ᠬᠠᠮᠲᠤᠪᠠᠷ ᠵᠥᠪᠳᠡᠯᠴᠡᠨ ᠳᠤᠷᠠᠳᠴᠤ᠂ ᠳᠠᠷᠠᠭᠠᠴᠢ ᠶᠢᠨ | ᠠᠯᠬᠤᠮ ᠤᠨ ᠠᠵᠢᠯ ᠤᠨ ᠬᠠᠷᠠᠯᠲᠠ ᠶᠢ ᠲᠣᠳᠣᠷᠬᠠᠶᠢᠯᠠᠵᠤ᠂ ᠰᠠᠭᠤᠷᠢ ᠲᠠᠯᠪᠢᠪᠠ᠃ | ᠵᠣᠣ ᠷᠦᠢ ᠬᠡᠯᠡᠭᠰᠡᠨ ᠨᠢ᠂ ᠰᠠᠨᠠᠯ ᠰᠠᠨᠠᠭᠤᠯᠭ᠎ᠠ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠠ ᠣᠯᠠᠨ | ᠲᠦᠮᠡᠨ ᠤ ᠣᠶᠤᠨ ᠤᠬᠠᠭᠠᠨ ᠤ ᠲᠥᠪᠯᠡᠷᠡᠩᠭᠦᠶ ᠢᠯᠡᠷᠡᠯ ᠮᠥᠨ᠂ ᠰᠢᠢᠳᠪᠦᠷᠢᠳᠦ ᠪᠣᠳᠣᠯᠭ᠎ᠠ ᠶᠢ ᠠᠷᠠᠳᠴᠢᠯᠠᠬᠤ᠂ | ᠰᠢᠨᠵᠢᠯᠡᠬᠦ ᠤᠬᠠᠭᠠᠨᠴᠢᠯᠠᠬᠤ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠂ ᠨᠠᠩ ᠴᠤ ᠰᠡᠳᠬᠢᠯ ᠢᠶᠠᠨ ᠨᠢᠭᠡᠳᠬᠡᠨ | ᠬᠦᠴᠦᠨ ᠢᠶᠠᠨ ᠬᠠᠮᠲᠤᠳᠬᠠᠬᠤ᠂ ᠪᠡᠷᠬᠡ ᠰᠡᠳᠦᠪ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠨᠡᠪᠲᠡᠷᠡᠯᠴᠡᠭᠡ ᠪᠠᠨ ᠴᠢᠩᠭᠠᠳᠬᠠᠨ᠂ ᠨᠠᠷᠢᠨ ᠨᠢᠮᠪᠠᠶ ᠰᠢᠢᠳᠪᠦᠷᠢᠯᠡᠵᠦ᠂ ᠠᠷᠠᠳ ᠣᠯᠠᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠳᠤ ᠢᠳᠡᠪᠬᠢᠲᠡᠶ ᠪᠠᠷ ᠬᠠᠷᠢᠭᠤᠯᠲᠠ ᠥᠭᠬᠦ ᠬᠡᠷᠡᠭᠲᠡᠶ | ᠭᠡᠵᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |