ᠰᠢᠩ ᠾᠧ ᠰᠢᠶᠠᠨ᠄ ︽ᠬᠤᠶᠠᠷ ᠰᠠᠷ᠎ᠠ ᠎ ᠶᠢᠨ ᠬᠤᠶᠠᠷ ᠯᠤᠤᠰ ᠤᠨ ᠲᠦᠷᠦᠭᠦᠦ ᠥᠨᠳᠡᠶᠢᠬᠦ︾ ᠠᠷᠠᠳ ᠤᠨ ᠵᠠᠩ ᠦᠢᠯᠡ ᠶᠢᠨ ᠰᠣᠶᠣᠯ ᠤᠨ ᠬᠦᠳᠡᠯᠭᠡᠭᠡᠨ ᠥᠷᠨᠢᠭᠦᠯᠦᠨ᠎ᠡ
ᠨᠡᠶᠢᠲᠡᠯᠡᠭᠰᠡᠨ ᠴᠠᠭ᠄
2024/3/12
      ᠶᠢᠰᠦᠨ ᠣᠷᠣᠨ ᠤ ᠯᠤᠤᠰ ᠤᠨ ᠲᠦᠷᠦᠭᠦᠦ ᠥᠨᠳᠡᠶᠢᠵᠦ᠂ ᠬᠠᠪᠤᠷ ᠤᠨ ᠤᠷᠢᠬᠠᠨ ᠰᠠᠯᠬᠢ ᠲᠦᠮᠡᠨ ᠪᠣᠳᠠᠰ ᠢ ᠢᠯᠪᠢᠨ᠎ᠡ᠃ ᠰᠢᠩ ᠡᡁᠧ ᠠᠷᠠᠳ ᠤᠨ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠨᠡᠩ ᠰᠠᠶᠢᠲᠤᠷ ᠤᠯᠠᠮᠵᠢᠯᠠᠨ ᠢᠯᠡᠷᠡᠭᠦᠯᠵᠦ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠩ ᠡᡁᠧ ᠰᠢᠶᠠᠨ ︽ᠬᠤᠶᠠᠷ ᠰᠠᠷ᠎ᠠ ᠳᠤ ᠬᠤᠶᠠᠷ ᠯᠤᠤᠰ ᠤᠨ ᠲᠦᠷᠦᠭᠦᠦ ᠥᠨᠳᠡᠶᠢᠬᠦ︾ ᠠᠷᠠᠳ ᠤᠨ ᠵᠠᠩ ᠦᠢᠯᠡ ᠶᠢᠨ ᠰᠣᠶᠣᠯ ᠤᠨ  ᠬᠦᠳᠡᠯᠭᠡᠭᠡᠨ‌ᠥᠷᠨᠢᠭᠦᠯᠵᠡᠢ᠃      ᠰᠢᠩ ᠡᡁᠧ ᠰᠢᠶᠠᠨ ᠤ ᠵᠠᠩ ᠭᠤᠤ ᠪᠠᠯᠭᠠᠰᠤᠨ ᠤ ᠰᠣᠶᠣᠯ ᠤᠨ ᠬᠦᠷᠢᠶᠡᠨ ᠳᠤ᠂ ᠭᠤᠶᠤ ᠰᠠᠶᠢᠬᠠᠨ ᠶᠠᠩᠭᠠᠷ ᠪᠥᠵᠢᠭ ᠤᠨ ᠠᠩᠬᠢ ᠶᠢᠨ ᠬᠢᠨ ᠪᠠᠶᠠᠷ ᠤᠨ ᠡᠳᠦᠷ ᠤᠨ ᠥᠩᠭᠡᠲᠦ ᠳᠡᠪᠢᠭᠦᠷ ᠬᠥᠳᠡᠯᠭᠡᠵᠦ᠂ ᠴᠢᠷᠠᠢ ᠳᠤᠨᠢ ᠢᠨᠢᠶᠡᠮᠰᠦᠭᠯᠡᠯ ᠪᠢᠯᠬᠠᠵᠤ᠂ ᠪᠠᠶᠠᠷ ᠪᠠᠶᠠᠰᠬᠤᠯᠠᠩ ᠲᠠᠢ ᠪᠥᠵᠢᠭ ᠤᠨ ᠳᠦᠷᠢ ᠪᠠᠷ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ ᠃ ᠲᠠᠷᠠᠭ᠎ᠠ ᠨᠢ ᠰᠢᠩ ᠡᡁᠧ ᠰᠢᠶᠠᠨ ᠤ ᠵᠠᠩ ᠭᠤᠤ ᠪᠠᠯᠭᠠᠰᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠤᠨᠤᠯ ᠤᠬᠠᠭᠤᠯᠤᠨ ᠲᠠᠶᠢᠯᠪᠤᠷᠢᠯᠠᠬᠤ᠂ ᠠᠯᠪᠠᠨ ᠵᠢᠷᠤᠮ ᠤᠨ ᠦᠰᠦ ᠵᠠᠰᠠᠬᠤ᠂ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠠᠵᠢᠯᠯᠠᠭ᠎ᠠ ᠶᠢ ᠥᠷᠨᠢᠭᠦᠯᠦᠭᠰᠡᠨ ᠤ ᠬᠠᠮᠲᠤ ᠲᠣᠰᠬᠤᠨ ᠤ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠤᠯᠠᠨ ᠲᠦᠮᠡᠨ ᠳᠤ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠳᠠᠭᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠪᠠᠲᠤᠯᠠᠵᠠᠢ᠃      ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠵᠦ᠂ ᠣᠯᠠᠨ ᠲᠦᠮᠡᠨ ᠳᠤ ᠨᠠᠩ ᠳᠣᠲᠣᠨᠣ ᠪᠥᠭᠡᠳ ᠳᠥᠭᠦᠮ ᠳᠥᠲᠡ ᠰᠠᠶᠢᠨ ᠳᠤᠷ᠎ᠠ ᠶᠢᠨ  ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠪᠣᠳᠠᠲᠠᠶ ᠬᠦᠴᠢᠷᠳᠡᠯ ᠢ  ᠰᠢᠢᠳᠪᠦᠷᠢᠯᠡᠭᠰᠡᠨ ᠤ ᠬᠠᠮᠲᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠦᠷᠭᠦᠯᠵᠢᠯᠡᠭᠦᠯᠵᠦ᠂ ᠣᠯᠠᠨ ᠲᠦᠮᠡᠨ ᠤ ᠤᠯᠠᠮᠵᠢᠯᠠᠯᠲᠤ ᠰᠣᠶᠣᠯ ᠢᠶᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠦᠨ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠪᠠᠶᠢᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3