ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠭᠤᠤᠯᠳᠠᠯᠭ᠎ᠠ ᠲᠠᠢ ᠰᠠᠨᠠᠯ ᠰᠠᠨᠠᠭᠤᠯᠭ᠎ᠠ ᠶᠢ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠰᠢᠢᠳᠪᠦᠷᠢᠯᠡᠵᠦ ᠪᠣᠶ
ᠨᠡᠶᠢᠲᠡᠯᠡᠭᠰᠡᠨ ᠴᠠᠭ᠄
2024/3/12
      3 ᠰᠠᠷ᠎ᠠ ᠶᠢᠨ 11 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠤ ᠷᠦᠢ ᠵᠢᠶᠦ᠋ᠨ ᠰᠢᠶᠠᠨ ᠤ ᠬᠡᠰᠡᠭ ᠲᠥᠯᠥᠭᠡᠯᠡᠭᠴᠢ ᠭᠡᠰᠢᠭᠦᠳ ᠢ ᠳᠠᠭᠠᠭᠤᠯᠤᠨ᠂ ᠰᠢᠩ ᠾᠧ ᠬᠤᠶᠢᠲᠤ ᠥᠷᠲᠡᠭᠡᠨ ᠤ ᠡᠮᠦᠨᠡᠬᠢ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠵᠢᠷᠤᠮᠵᠢᠭᠤᠯᠬᠤ ᠰᠠᠨᠠᠯ ᠰᠠᠨᠠᠭᠤᠯᠭ᠎ᠠ ᠶᠢ ᠲᠤᠬᠠᠶ ᠶᠢᠨ ᠭᠠᠵᠠᠷ ᠲᠤᠨᠢ ᠠᠩᠬᠠᠷᠤᠨ ᠰᠢᠢᠳᠪᠦᠷᠢᠯᠡᠵᠡᠢ᠃      ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠨᠢ ᠥᠷᠲᠡᠭᠡᠨ ᠠᠴᠠ ᠡᠮᠦᠨᠡᠬᠢ ᠵᠠᠮ ᠤᠨ ᠠᠶᠠᠨᠴᠢᠳ ᠠᠴᠠ ᠬᠤᠴᠣᠷᠤᠭᠰᠠᠨ ᠴᠠᠭ᠂ ᠵᠠᠮ ᠬᠠᠷᠢᠯᠴᠠᠭᠠᠨ ᠤ ᠲᠦᠭᠵᠢᠷᠡᠯ᠂ ᠵᠣᠭᠰᠣᠭᠠᠯ ᠤᠨ ᠡᠮᠬᠢ ᠵᠢᠷᠤᠮ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠳᠠᠭᠠᠭᠠᠨ ᠡᠷᠬᠢᠯᠡᠬᠦ ᠨᠢᠭᠡᠴᠡ ᠲᠠᠢ ᠨᠢᠭᠤᠷᠳᠠᠨ ᠨᠡᠪᠲᠡᠷᠡᠯᠴᠡᠵᠦ᠂ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠰᠢᠨᠵᠢᠯᠡᠬᠦ ᠤᠬᠠᠭᠠᠨᠴᠢ ᠪᠦᠲᠦᠮᠵᠢᠲᠡᠢ ᠵᠦᠢ ᠵᠣᠬᠢᠰᠲᠠᠢ ᠠᠷᠭ᠎ᠠ ᠬᠡᠮᠵᠢᠶ᠎ᠡ ᠶᠢ ᠬᠠᠮᠲᠤᠪᠠᠷ ᠵᠥᠪᠳᠡᠯᠴᠡᠨ ᠳᠤᠷᠠᠳᠴᠤ᠂ ᠳᠠᠷᠠᠭᠠᠴᠢ ᠶᠢᠨ ᠠᠯᠬᠤᠮ ᠤᠨ ᠠᠵᠢᠯ ᠤᠨ ᠬᠠᠷᠠᠯᠲᠠ ᠶᠢ ᠲᠣᠳᠣᠷᠬᠠᠶᠢᠯᠠᠵᠤ᠂ ᠰᠠᠭᠤᠷᠢ ᠲᠠᠯᠪᠢᠪᠠ᠃      ᠵᠣᠣ ᠷᠦᠢ ᠬᠡᠯᠡᠭᠰᠡᠨ ᠨᠢ᠂ ᠰᠠᠨᠠᠯ ᠰᠠᠨᠠᠭᠤᠯᠭ᠎ᠠ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠠ ᠣᠯᠠᠨ ᠲᠦᠮᠡᠨ ᠤ ᠣᠶᠤᠨ ᠤᠬᠠᠭᠠᠨ ᠤ ᠲᠥᠪᠯᠡᠷᠡᠩᠭᠦᠶ ᠢᠯᠡᠷᠡᠯ ᠮᠥᠨ᠂ ᠰᠢᠢᠳᠪᠦᠷᠢᠳᠦ ᠪᠣᠳᠣᠯᠭ᠎ᠠ ᠶᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠂ ᠨᠠᠩ ᠴᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠬᠤ᠂ ᠪᠡᠷᠬᠡ ᠰᠡᠳᠦᠪ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠪᠲᠡᠷᠡᠯᠴᠡᠭᠡ ᠪᠠᠨ ᠴᠢᠩᠭᠠᠳᠬᠠᠨ᠂ ᠨᠠᠷᠢᠨ ᠨᠢᠮᠪᠠᠶ ᠰᠢᠢᠳᠪᠦᠷᠢᠯᠡᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠳᠤ ᠢᠳᠡᠪᠬᠢᠲᠡᠶ ᠪᠠᠷ ᠬᠠᠷᠢᠭᠤᠯᠲᠠ ᠥᠭᠬᠦ ᠬᠡᠷᠡᠭᠲᠡᠶ ᠭᠡᠵᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3