ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 15 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽315 ᠣᠯᠠᠨ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠨᠢ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠡᠨᠡ ᠬᠦ ᠭᠤᠤᠯ ᠰᠡᠳᠦᠪ ᠤᠨ | ᠲᠣᠭᠤᠷᠢᠨ ᠳᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ᠂ | ᠢᠳᠡᠭᠡᠨ ᠤ ᠠᠮᠤᠷ ᠲᠦᠪᠰᠢᠨ ᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠤᠬᠠᠭᠤᠯᠵᠤ᠂ | ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠤᠷᠢᠯᠡᠵᠤ ᠥᠭᠴᠡᠶ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ᠪᠠᠰᠠ ᠲᠤᠬᠠᠶ ᠶᠢᠨ ᠲᠠᠯᠠᠪᠠᠶ ᠳᠤ ᠬᠤᠳᠠᠯ ᠬᠠᠭᠤᠷᠮᠠᠭ ᠲᠠᠸᠠᠷ ᠢ ᠳᠡᠯᠭᠡᠨ | ᠦᠵᠡᠭᠦᠯᠵᠦ᠂ ᠬᠡᠷᠡᠭᠯᠡᠭᠴᠢᠳ ᠲᠤ ᠬᠡᠷᠬᠢᠨ ᠡᠷᠬᠡ ᠪᠠᠨ ᠬᠠᠮᠠᠭᠠᠯᠠᠬᠤ ᠲᠤᠬᠠᠶ ᠲᠠᠶᠢᠯᠪᠤᠷᠢᠯᠠᠨ ᠥᠭᠴᠦ᠂ ᠬᠤᠳᠠᠯ ᠬᠠᠭᠤᠷᠮᠠᠭ᠂ | ᠬᠤᠭᠤᠴᠠᠭ᠎ᠠ ᠥᠩᠭᠡᠷᠡᠭᠰᠡᠨ᠂ ᠭᠤᠷᠪᠠ ᠦᠭᠡᠶ ᠦᠢᠯᠡᠳᠬᠦᠨ ᠵᠡᠷᠭᠡ ᠶᠢ ᠢᠯᠭᠠᠨ ᠳᠣᠲᠣᠯᠠᠵᠤ᠂ ᠬᠡᠷᠡᠭᠯᠡᠭᠴᠢᠳ ᠤᠨ | ᠰᠢᠨᠵᠢᠯᠡᠬᠦ ᠤᠬᠠᠭᠠᠨᠴᠢ᠂ ᠣᠶᠤᠨᠴᠢ᠂ ᠡᠷᠡᠭᠦᠯ ᠮᠡᠨᠳᠦ ᠶᠢᠨ ᠬᠡᠷᠡᠭᠯᠡᠭᠡ ᠶᠢ ᠬᠥᠲᠥᠯᠥᠨ ᠵᠢᠯᠣᠭᠤᠳᠪᠠ᠃ | ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠠᠰᠠ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠣᠯᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ | ᠳᠤᠮᠳᠠ ᠪᠠᠶᠢᠴᠠᠭᠠᠵᠤ ᠣᠯᠤᠭᠰᠠᠨ ᠬᠤᠭᠤᠴᠠᠭ᠎ᠠ ᠠᠴᠠ ᠪᠠᠨ ᠬᠡᠲᠦᠷᠡᠭᠰᠡᠨ ᠵᠢᠴᠢ ᠬᠠᠭᠤᠷᠮᠠᠭ ᠮᠠᠭᠤ ᠢᠳᠡᠭᠡᠨ ᠤ ᠵᠦᠢᠯ᠂ | ᠨᠠᠭᠠᠳᠤᠮ ᠤᠨ ᠵᠦᠢᠯ᠂ ᠡᠷᠡᠭᠦᠯ ᠬᠠᠮᠠᠭᠠᠯᠠᠯ ᠤᠨ ᠬᠡᠷᠡᠭᠰᠡᠯ᠂ ᠰᠢᠲᠠᠮᠠᠬᠠᠶ ᠬᠡᠶ ᠶᠢᠨ ᠵᠤᠤᠬ᠎ᠠ᠂ ᠳ᠋ᠧᠩ ᠤᠨ ᠬᠡᠷᠡᠭᠰᠡᠯ ᠵᠡᠷᠭᠡ ᠶᠢ | ᠲᠥᠪᠯᠡᠷᠡᠭᠦᠯᠦᠨ ᠤᠰᠠᠳᠬᠠᠵᠠᠶ᠃ | | | ᠪᠦᠷᠢᠳᠬᠡᠯ ᠢ ᠦᠨᠳᠦᠰᠦᠯᠡᠪᠡᠯ᠂ ᠨᠢᠭᠡ ᠵᠢᠯ ᠤᠨ ᠲᠤᠷᠰᠢ ᠰᠢᠩ ᠾᠧ ᠰᠢᠶᠠᠨ ᠤ 12315 ᠵᠠᠭᠠᠯᠳᠤᠯᠭ᠎ᠠ ᠶᠢ | ᠢᠯᠡᠴᠢᠯᠡᠨ ᠮᠡᠳᠡᠭᠦᠯᠬᠦ ᠤᠲᠠᠰᠤ ᠨᠡᠶᠢᠲᠡ 352 ᠵᠠᠭᠠᠯᠳᠤᠯᠭ᠎ᠠ ᠶᠢ ᠬᠦᠯᠢᠶᠡᠨ ᠠᠪᠴᠤ᠂ 100 ᠵᠠᠭᠠᠯᠳᠤᠯᠭ᠎ᠠ ᠶᠢ | ᠢᠯᠡᠴᠢᠯᠡᠨ ᠮᠡᠳᠡᠭᠦᠯᠵᠦ᠂ 32 ᠵᠦᠢᠯ ᠢ ᠠᠰᠠᠭᠤᠨ ᠯᠠᠪᠯᠠᠵᠤ᠂ ᠰᠢᠢᠳᠪᠤᠷᠢᠯᠡᠭᠰᠡᠨ ᠨᠣᠷᠮ᠎ᠠ ᠨᠢ 100% ᠳᠤ ᠬᠦᠷᠴᠦ᠂ | ᠬᠡᠷᠡᠭᠯᠡᠭᠴᠢᠳ ᠲᠤ 20 ᠭᠠᠷᠤᠶ ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠴᠡᠶ | 12345 ᠤᠲᠠᠰᠤᠨ ᠳᠤ 303 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠤᠷᠢᠯᠡᠵᠤ᠂ | 100% ᠶᠢᠨ ᠨᠣᠷᠮ᠎ᠠ ᠪᠠᠷ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠵᠠᠶ᠃ ᠦᠢᠯᠡᠳᠬᠦᠨ ᠤ ᠶᠠᠰᠤ ᠴᠢᠨᠠᠷ᠂ | ᠢᠳᠡᠭᠡᠨ ᠤ ᠵᠦᠢᠯ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠪᠠ ᠦᠨ᠎ᠡ ᠬᠠᠩᠰᠢ ᠶᠢᠨ ᠲᠠᠯ᠎ᠠ ᠪᠠᠷ ᠬᠢ ᠬᠠᠤᠯᠢ ᠶᠢ | ᠵᠥᠷᠢᠴᠡᠭᠰᠡᠨ 178 ᠬᠡᠷᠡᠭ ᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠤᠷᠢᠯᠡᠵᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠦᠴᠦᠲᠡᠶ ᠰᠦᠷᠳᠡᠭᠦᠯᠪᠡ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |