ᠮᠠᠨ ᠤ ᠰᠢᠶᠠᠨ ︽3 · 15︾ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ᠬᠡᠷᠡᠭᠯᠡᠭᠴᠢᠳ ᠲᠤ ᠬᠠᠮᠠᠭᠠᠯᠠᠯᠲᠠ ᠶᠢᠨ ᠬᠡᠷᠡᠮ ᠢ ᠪᠠᠲᠤ ᠴᠣᠭᠴᠠᠯᠠᠵᠤ ᠥᠭᠴᠡᠢ
ᠨᠡᠶᠢᠲᠡᠯᠡᠭᠰᠡᠨ ᠴᠠᠭ᠄
2024/3/15
     ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 15 ᠤ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽315 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠨᠢ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠡᠨᠡ ᠬᠦ ᠭᠤᠤᠯ ᠰᠡᠳᠦᠪ ᠤᠨ ᠲᠣᠭᠤᠷᠢᠨ ᠳᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ᠂ ᠢᠳᠡᠭᠡᠨ ᠤ ᠠᠮᠤᠷ ᠲᠦᠪᠰᠢᠨ ᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠤᠬᠠᠭᠤᠯᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠤᠷᠢᠯᠡᠵᠤ ᠥᠭᠴᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ᠪᠠᠰᠠ ᠲᠤᠬᠠᠶ ᠶᠢᠨ ᠲᠠᠯᠠᠪᠠᠶ ᠳᠤ ᠬᠤᠳᠠᠯ ᠬᠠᠭᠤᠷᠮᠠᠭ ᠲᠠᠸᠠᠷ ᠢ ᠳᠡᠯᠭᠡᠨ ᠦᠵᠡᠭᠦᠯᠵᠦ᠂ ᠬᠡᠷᠡᠭᠯᠡᠭᠴᠢᠳ ᠲᠤ ᠬᠡᠷᠬᠢᠨ ᠡᠷᠬᠡ ᠪᠠᠨ ᠬᠠᠮᠠᠭᠠᠯᠠᠬᠤ ᠲᠤᠬᠠᠶ ᠲᠠᠶᠢᠯᠪᠤᠷᠢᠯᠠᠨ ᠥᠭᠴᠦ᠂ ᠬᠤᠳᠠᠯ ᠬᠠᠭᠤᠷᠮᠠᠭ᠂ ᠬᠤᠭᠤᠴᠠᠭ᠎ᠠ ᠥᠩᠭᠡᠷᠡᠭᠰᠡᠨ᠂ ᠭᠤᠷᠪᠠ ᠦᠭᠡᠶ ᠦᠢᠯᠡᠳᠬᠦᠨ ᠵᠡᠷᠭᠡ ᠶᠢ ᠢᠯᠭᠠᠨ ᠳᠣᠲᠣᠯᠠᠵᠤ᠂ ᠬᠡᠷᠡᠭᠯᠡᠭᠴᠢᠳ ᠤᠨ ᠰᠢᠨᠵᠢᠯᠡᠬᠦ ᠤᠬᠠᠭᠠᠨᠴᠢ᠂ ᠣᠶᠤᠨᠴᠢ᠂ ᠡᠷᠡᠭᠦᠯ ᠮᠡᠨᠳᠦ ᠶᠢᠨ ᠬᠡᠷᠡᠭᠯᠡᠭᠡ ᠶᠢ ᠬᠥᠲᠥᠯᠥᠨ ᠵᠢᠯᠣᠭᠤᠳᠪᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠣᠯᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠪᠠᠶᠢᠴᠠᠭᠠᠵᠤ ᠣᠯᠤᠭᠰᠠᠨ ᠬᠤᠭᠤᠴᠠᠭ᠎ᠠ ᠠᠴᠠ ᠪᠠᠨ ᠬᠡᠲᠦᠷᠡᠭᠰᠡᠨ ᠵᠢᠴᠢ ᠬᠠᠭᠤᠷᠮᠠᠭ ᠮᠠᠭᠤ ᠢᠳᠡᠭᠡᠨ ᠤ ᠵᠦᠢᠯ᠂ ᠨᠠᠭᠠᠳᠤᠮ ᠤᠨ ᠵᠦᠢᠯ᠂ ᠡᠷᠡᠭᠦᠯ ᠬᠠᠮᠠᠭᠠᠯᠠᠯ ᠤᠨ ᠬᠡᠷᠡᠭᠰᠡᠯ᠂ ᠰᠢᠲᠠᠮᠠᠬᠠᠶ ᠬᠡᠶ ᠶᠢᠨ ᠵᠤᠤᠬ᠎ᠠ᠂ ᠳ᠋ᠧᠩ ᠤᠨ ᠬᠡᠷᠡᠭᠰᠡᠯ ᠵᠡᠷᠭᠡ ᠶᠢ ᠲᠥᠪᠯᠡᠷᠡᠭᠦᠯᠦᠨ ᠤᠰᠠᠳᠬᠠᠵᠠᠶ᠃
     ᠪᠦᠷᠢᠳᠬᠡᠯ ᠢ ᠦᠨᠳᠦᠰᠦᠯᠡᠪᠡᠯ᠂ ᠨᠢᠭᠡ ᠵᠢᠯ ᠤᠨ ᠲᠤᠷᠰᠢ ᠰᠢᠩ ᠾᠧ ᠰᠢᠶᠠᠨ ᠤ 12315 ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ ᠤᠲᠠᠰᠤ ᠨᠡᠶᠢᠲᠡ 352 ᠵᠠᠭᠠᠯᠳᠤᠯᠭ᠎ᠠ ᠶᠢ ᠬᠦᠯᠢᠶᠡᠨ ᠠᠪᠴᠤ᠂ 100 ᠵᠠᠭᠠᠯᠳᠤᠯᠭ᠎ᠠ ᠶᠢ ᠢᠯᠡᠴᠢᠯᠡᠨ ᠮᠡᠳᠡᠭᠦᠯᠵᠦ᠂ 32 ᠵᠦᠢᠯ ᠢ ᠠᠰᠠᠭᠤᠨ ᠯᠠᠪᠯᠠᠵᠤ᠂ ᠰᠢᠢᠳᠪᠤᠷᠢᠯᠡᠭᠰᠡᠨ ᠨᠣᠷᠮ᠎ᠠ ᠨᠢ 100% ᠳᠤ ᠬᠦᠷᠴᠦ᠂ ᠬᠡᠷᠡᠭᠯᠡᠭᠴᠢᠳ ᠲᠤ 20 ᠭᠠᠷᠤᠶ ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠴᠡᠶ ᡽ 12345 ᠤᠲᠠᠰᠤᠨ ᠳᠤ 303 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠤᠷᠢᠯᠡᠵᠤ᠂ 100% ᠶᠢᠨ ᠨᠣᠷᠮ᠎ᠠ ᠪᠠᠷ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠵᠠᠶ᠃ ᠦᠢᠯᠡᠳᠬᠦᠨ ᠤ ᠶᠠᠰᠤ ᠴᠢᠨᠠᠷ᠂ ᠢᠳᠡᠭᠡᠨ ᠤ ᠵᠦᠢᠯ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠪᠠ ᠦᠨ᠎ᠡ ᠬᠠᠩᠰᠢ ᠶᠢᠨ ᠲᠠᠯ᠎ᠠ ᠪᠠᠷ ᠬᠢ ᠬᠠᠤᠯᠢ ᠶᠢ ᠵᠥᠷᠢᠴᠡᠭᠰᠡᠨ 178 ᠬᠡᠷᠡᠭ ᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠤᠷᠢᠯᠡᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠦᠴᠦᠲᠡᠶ ᠰᠦᠷᠳᠡᠭᠦᠯᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3