ᠰᠢᠩ ᠾᠧ ᠰᠢᠶᠠᠨ ︽ᠰᠢᠨ᠎ᠡ ᠴᠡᠷᠢᠭ ᠢ ᠴᠡᠷᠢᠭ ᠲᠤ ᠣᠷᠣᠭᠤᠯᠬᠤ ᠪᠠᠷ ᠤᠷᠢᠳᠴᠢᠯᠠᠨ ᠲᠣᠭᠲᠠᠭᠠᠬᠤ︾ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/18
     ᠪᠠᠰᠠ ᠨᠢᠭᠡ ᠵᠢᠯ ᠤᠨ ᠴᠡᠷᠢᠭ ᠲᠤ ᠤᠷᠤᠭᠰᠠᠨ ᠤᠯᠠᠷᠢᠯ᠂ ᠵᠠᠯᠠᠭᠤ ᠨᠠᠰᠤ ᠪᠠᠷ ᠢᠶᠠᠨ ᠴᠡᠷᠢᠭ ᠢᠶᠠᠨ ᠬᠦᠴᠦᠷᠬᠡᠭᠵᠢᠭᠦᠯᠬᠦ ᠶᠢᠨ ᠲᠥᠯᠥᠭᠡ᠂ ᠴᠡᠷᠢᠭ ᠤᠨ ᠬᠤᠪᠴᠠᠰᠤ ᠡᠮᠦᠰᠴᠦ ᠠᠶᠠᠨ ᠵᠠᠮ ᠢᠶᠠᠨ ᠡᠬᠢᠯᠡᠭᠦᠯᠦᠯ᠎ᠡ᠃ 3 ᠰᠠᠷ᠎ᠠ ᠶᠢᠨ 14᠎ ᠤ ᠡᠳᠦᠷ᠂ ᠰᠢᠩ ᠡᡁᠧ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ ᠲᠤᠪᠴᠢᠶ᠎ᠡ ᠶᠢᠨ ᠬᠤᠯᠪᠣᠭᠠᠲᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠳᠠᠯ ᠦᠭᠡᠢ ᠴᠡᠷᠢᠭ ᠤᠨ ᠬᠤᠸᠠᠷᠠᠨ ᠳᠤ ᠣᠷᠣᠬᠤ ᠪᠠᠷ ᠪᠠᠶᠢᠭ᠎ᠠ 29 ᠬᠥᠮᠦᠨ ︽ᠤᠷᠢᠳᠴᠢᠯᠠᠨ ᠲᠣᠭᠲᠠᠭᠠᠭᠰᠠᠨ ᠰᠢᠨ᠎ᠡ ᠴᠡᠷᠢᠭ ᠢ ᠴᠡᠷᠢᠭ ᠲᠤ ᠣᠷᠣᠭᠤᠯᠬᠤ︾᠎ ᠶᠢᠨ ᠲᠥᠯᠥᠭᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ︽ᠣᠳᠣ ᠶᠢᠨ ︵ᠴᠡᠷᠢᠭ ᠤᠨ ᠠᠯᠪᠠᠨ ᠠᠴᠠ ᠪᠠᠭᠤᠭᠰᠠᠳ ᠤᠨ︶ ᠴᠡᠷᠢᠭ ᠤᠨ ᠬᠠᠷᠠᠭᠠᠯᠵᠠᠯ ᠠᠰᠠᠷᠠᠮᠵᠢ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠴᠡᠷᠢᠭ ᠤᠨ ᠠᠯᠪᠠᠨ ᠠᠴᠠ ᠪᠠᠭᠤᠭᠰᠠᠳ ᠤᠨ ᠰᠤᠷᠤᠯᠭ᠎ᠠ ᠪᠠᠨ ᠰᠡᠷᠭᠦᠭᠡᠬᠦ᠂ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ︾᠎ ᠶᠢᠨ ᠲᠤᠬᠠᠶ ᠭᠤᠣᠯᠳᠠᠯᠭ᠎ᠠ ᠲᠠᠢ ᠪᠠᠷ ᠨᠠᠷᠢᠨ ᠲᠠᠶᠢᠯᠪᠤᠷᠢᠯᠠᠯᠲᠠ ᠬᠢᠪᠡ᠃ ᠡᠭᠦᠨ ᠤ ᠬᠠᠮᠲᠤ ︽ᠠᠯᠪᠠᠨ ᠵᠢᠷᠤᠮ ᠤᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠮᠥᠩᠭᠦ᠂ ᠴᠡᠷᠢᠭ ᠠᠩᠭᠢ ᠳᠤ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ ᠪᠠᠶᠠᠷ ᠤᠨ ᠰᠣᠨᠢᠨ ᠢ ᠬᠦᠷᠭᠡᠬᠦ ᠵᠢᠴᠢ ᠣᠷᠣᠨ ᠨᠤᠲᠤᠭ ᠤᠨ ᠱᠠᠩᠨᠠᠯ ᠤᠨ ᠮᠥᠩᠭᠦ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠤᠨ ᠡᠳᠦᠷ ᠲᠤᠲᠤᠮ ᠤᠨ ᠠᠮᠢᠳᠤᠷᠠᠯ ᠳᠠᠬᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠬᠢᠭᠡᠳ ᠰᠢᠨ᠎ᠡ ᠴᠡᠷᠢᠭ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠭᠰᠡᠨ ᠪᠥᠭᠡᠳ ᠤᠷᠢᠳᠴᠢᠯᠠᠨ ᠲᠣᠭᠲᠠᠭᠠᠭᠰᠠᠨ ᠰᠢᠨ᠎ᠡ ᠴᠡᠷᠢᠭ ᠲᠤ ᠢᠷᠠᠭᠤ ᠠᠯᠳᠠᠷ ᠤᠨ ᠫᠠᠶᠢᠰᠠ ᠣᠯᠭᠤᠭᠰᠠᠨ ᠪᠠᠶᠢᠨ᠎ᠠ᠃         ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠲᠤᠬᠠᠶᠢᠯᠠᠭᠰᠠᠨ ᠠᠵᠢᠯ ᠤᠨ ᠠᠵᠢᠯᠲᠠᠳ ᠲᠤᠬᠠᠢ ᠶᠢᠨ ᠲᠠᠯᠠᠪᠠᠢ ᠳᠤ ᠴᠡᠷᠢᠭ ᠲᠤ ᠡᠯᠰᠡᠭᠳᠡᠭᠰᠡᠨ ᠰᠢᠨ᠎ᠡ ᠴᠡᠷᠢᠭ ᠪᠣᠯᠤᠨ ᠭᠡᠷ ᠪᠦᠯᠢ ᠶᠢᠨ ᠬᠢᠨ ᠲᠠᠢ ︽ᠥᠴᠦᠬᠡᠨ ᠴᠦ ᠵᠠᠶᠢᠳᠠᠵᠤ᠂ ᠨᠢᠭᠤᠷᠳᠠᠵᠤ︾ ᠪᠠᠶᠢᠭᠠᠳ ᠰᠢᠨ᠎ᠡ ᠴᠡᠷᠢᠭ ᠤᠨ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠤᠬᠠᠢ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠵᠤ᠂ ᠲᠡᠳᠡᠨ ᠢ ᠬᠠᠪᠰᠤᠷᠤᠨ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠴᠡᠷᠢᠭ ᠢᠶᠠᠨ ᠬᠦᠴᠦᠷᠬᠡᠭᠵᠢᠭᠦᠯᠵᠦ ᠤᠯᠤᠰ ᠲᠠᠭᠠᠨ ᠵᠢᠳᠬᠦᠬᠦ ᠢᠲᠡᠭᠡᠯ ᠵᠣᠷᠢᠭ ᠢ ᠨᠢ ᠪᠠᠲᠤᠳᠬᠠᠪᠠ᠃ ᠴᠡᠷᠢᠭ ᠲᠤ ᠤᠷᠤᠭᠰᠠᠨ ᠤ ᠳᠠᠷᠠᠭ᠎ᠠ ᠰᠠᠨᠠᠭ᠎ᠠ ᠠᠮᠤᠷ ᠠᠯᠪᠠ ᠬᠠᠭᠠᠵᠤ᠂ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠳᠠᠭᠠᠵᠤ᠂ ᠡᠷᠳᠡᠮ ᠴᠢᠳᠠᠪᠤᠷᠢ ᠪᠠᠨ ᠰᠢᠷᠭᠠᠭᠤ ᠪᠣᠯᠪᠠᠰᠤᠷᠠᠭᠤᠯᠵᠤ᠂ ︽ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠣᠮᠤᠭ ᠵᠣᠷᠢᠭ ᠲᠠᠢ᠂ ᠶᠣᠰᠣ ᠮᠣᠷᠠᠯ ᠲᠠᠢ︾ ᠰᠢᠨ᠎ᠡ ᠴᠠᠭ ᠦᠶ᠎ᠡ ᠶᠢᠨ ︽ᠳᠥᠷᠪᠡ ᠶᠢ ᠪᠦᠷᠢᠯᠳᠦᠭᠦᠯᠦᠭᠰᠡᠨ︾ ᠴᠡᠷᠢᠭ ᠪᠣᠯᠬᠤ ᠪᠠᠷ ᠴᠢᠷᠮᠠᠶᠢᠵᠤ᠂ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ᠂ ᠴᠡᠷᠢᠭ ᠢᠶᠠᠨ ᠬᠦᠴᠦᠷᠬᠡᠭᠵᠢᠭᠦᠯᠬᠦ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠤᠲᠤᠭ ᠤᠰᠤᠨ ᠳᠠᠭᠠᠨ ᠥᠩᠭᠡ ᠬᠡᠷᠡᠯ ᠨᠡᠮᠡᠷᠢᠯᠡᠨ᠎ᠡ ᠭᠡᠵᠦ ᠰᠢᠨ᠎ᠡ ᠴᠡᠷᠢᠭ ᠤᠳ ᠢᠯᠡᠳᠬᠡᠵᠡᠭᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3