ᠪᠠᠰᠠ ᠨᠢᠭᠡ ᠵᠢᠯ ᠤᠨ ᠴᠡᠷᠢᠭ ᠲᠤ ᠤᠷᠤᠭᠰᠠᠨ ᠤᠯᠠᠷᠢᠯ᠂ ᠵᠠᠯᠠᠭᠤ ᠨᠠᠰᠤ ᠪᠠᠷ ᠢᠶᠠᠨ ᠴᠡᠷᠢᠭ ᠢᠶᠠᠨ | ᠬᠦᠴᠦᠷᠬᠡᠭᠵᠢᠭᠦᠯᠬᠦ ᠶᠢᠨ ᠲᠥᠯᠥᠭᠡ᠂ ᠴᠡᠷᠢᠭ ᠤᠨ ᠬᠤᠪᠴᠠᠰᠤ ᠡᠮᠦᠰᠴᠦ ᠠᠶᠠᠨ ᠵᠠᠮ ᠢᠶᠠᠨ ᠡᠬᠢᠯᠡᠭᠦᠯᠦᠯ᠎ᠡ᠃ 3 | ᠰᠠᠷ᠎ᠠ ᠶᠢᠨ 14 ᠤ ᠡᠳᠦᠷ᠂ ᠰᠢᠩ ᠡᡁᠧ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ | ᠲᠤᠪᠴᠢᠶ᠎ᠡ ᠶᠢᠨ ᠬᠤᠯᠪᠣᠭᠠᠲᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠳᠠᠯ ᠦᠭᠡᠢ ᠴᠡᠷᠢᠭ ᠤᠨ | ᠬᠤᠸᠠᠷᠠᠨ ᠳᠤ ᠣᠷᠣᠬᠤ ᠪᠠᠷ ᠪᠠᠶᠢᠭ᠎ᠠ 29 ᠬᠥᠮᠦᠨ ︽ᠤᠷᠢᠳᠴᠢᠯᠠᠨ ᠲᠣᠭᠲᠠᠭᠠᠭᠰᠠᠨ ᠰᠢᠨ᠎ᠡ ᠴᠡᠷᠢᠭ ᠢ | ᠴᠡᠷᠢᠭ ᠲᠤ ᠣᠷᠣᠭᠤᠯᠬᠤ︾ ᠶᠢᠨ ᠲᠥᠯᠥᠭᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ | ᠥᠷᠨᠢᠭᠦᠯᠪᠡ᠃ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠰᠢᠶᠠᠨ ᠤ ᠴᠡᠷᠢᠭ ᠤᠨ | ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ︽ | ᠣᠳᠣ ᠶᠢᠨ ︵ᠴᠡᠷᠢᠭ ᠤᠨ ᠠᠯᠪᠠᠨ ᠠᠴᠠ ᠪᠠᠭᠤᠭᠰᠠᠳ ᠤᠨ︶ ᠴᠡᠷᠢᠭ ᠤᠨ ᠬᠠᠷᠠᠭᠠᠯᠵᠠᠯ ᠠᠰᠠᠷᠠᠮᠵᠢ᠂ ᠰᠢᠯᠵᠢᠭᠦᠯᠦᠨ | ᠲᠤᠰᠢᠶᠠᠵᠤ ᠲᠥᠪᠬᠢᠨᠡᠭᠦᠯᠬᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ᠂ ᠴᠡᠷᠢᠭ ᠤᠨ ᠠᠯᠪᠠᠨ ᠠᠴᠠ ᠪᠠᠭᠤᠭᠰᠠᠳ ᠤᠨ ᠰᠤᠷᠤᠯᠭ᠎ᠠ ᠪᠠᠨ ᠰᠡᠷᠭᠦᠭᠡᠬᠦ᠂ | ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ︾ ᠶᠢᠨ ᠲᠤᠬᠠᠶ | ᠭᠤᠣᠯᠳᠠᠯᠭ᠎ᠠ ᠲᠠᠢ ᠪᠠᠷ ᠨᠠᠷᠢᠨ ᠲᠠᠶᠢᠯᠪᠤᠷᠢᠯᠠᠯᠲᠠ ᠬᠢᠪᠡ᠃ ᠡᠭᠦᠨ ᠤ ᠬᠠᠮᠲᠤ ︽ᠠᠯᠪᠠᠨ ᠵᠢᠷᠤᠮ ᠤᠨ ᠴᠡᠷᠢᠭ ᠤᠨ | ᠬᠡᠷ ᠪᠦᠯᠢ ᠶᠢᠨ ᠬᠠᠷᠠᠭᠠᠯᠵᠠᠯ ᠤᠨ ᠮᠥᠩᠭᠦ᠂ ᠴᠡᠷᠢᠭ ᠠᠩᠭᠢ ᠳᠤ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ | ᠪᠠᠶᠠᠷ ᠤᠨ ᠰᠣᠨᠢᠨ ᠢ ᠬᠦᠷᠭᠡᠬᠦ ᠵᠢᠴᠢ ᠣᠷᠣᠨ ᠨᠤᠲᠤᠭ ᠤᠨ ᠱᠠᠩᠨᠠᠯ ᠤᠨ ᠮᠥᠩᠭᠦ᠂ ᠴᠡᠷᠢᠭ ᠠᠴᠠ | ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ ᠤᠨ ᠡᠳᠦᠷ ᠲᠤᠲᠤᠮ ᠤᠨ ᠠᠮᠢᠳᠤᠷᠠᠯ ᠳᠠᠬᠢ ᠬᠠᠷᠠᠭᠠᠯᠵᠠᠯ ᠤᠨ | ᠲᠥᠷᠥ ᠶᠢᠨ ᠪᠣᠳᠣᠯᠭ᠎ᠠ︾ ᠬᠢᠭᠡᠳ ᠰᠢᠨ᠎ᠡ ᠴᠡᠷᠢᠭ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠭᠰᠡᠨ ᠪᠥᠭᠡᠳ ᠤᠷᠢᠳᠴᠢᠯᠠᠨ | ᠲᠣᠭᠲᠠᠭᠠᠭᠰᠠᠨ ᠰᠢᠨ᠎ᠡ ᠴᠡᠷᠢᠭ ᠲᠤ ᠢᠷᠠᠭᠤ ᠠᠯᠳᠠᠷ ᠤᠨ ᠫᠠᠶᠢᠰᠠ ᠣᠯᠭᠤᠭᠰᠠᠨ ᠪᠠᠶᠢᠨ᠎ᠠ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠲᠤᠬᠠᠶᠢᠯᠠᠭᠰᠠᠨ ᠠᠵᠢᠯ ᠤᠨ ᠠᠵᠢᠯᠲᠠᠳ | ᠲᠤᠬᠠᠢ ᠶᠢᠨ ᠲᠠᠯᠠᠪᠠᠢ ᠳᠤ ᠴᠡᠷᠢᠭ ᠲᠤ ᠡᠯᠰᠡᠭᠳᠡᠭᠰᠡᠨ ᠰᠢᠨ᠎ᠡ ᠴᠡᠷᠢᠭ ᠪᠣᠯᠤᠨ ᠭᠡᠷ ᠪᠦᠯᠢ ᠶᠢᠨ ᠬᠢᠨ ᠲᠠᠢ ︽ | ᠥᠴᠦᠬᠡᠨ ᠴᠦ ᠵᠠᠶᠢᠳᠠᠵᠤ᠂ ᠨᠢᠭᠤᠷᠳᠠᠵᠤ︾ ᠪᠠᠶᠢᠭᠠᠳ ᠰᠢᠨ᠎ᠡ ᠴᠡᠷᠢᠭ ᠤᠨ ᠬᠠᠯᠠᠮᠵᠢᠯᠠᠨ ᠠᠩᠬᠠᠷᠴᠤ ᠪᠠᠶᠢᠭ᠎ᠠ | ᠬᠠᠯᠠᠮᠰᠢᠯ ᠠᠰᠠᠭᠤᠳᠠᠯ ᠤᠨ ᠲᠤᠬᠠᠢ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠵᠤ᠂ ᠲᠡᠳᠡᠨ ᠢ ᠬᠠᠪᠰᠤᠷᠤᠨ | ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠴᠡᠷᠢᠭ ᠢᠶᠠᠨ | ᠬᠦᠴᠦᠷᠬᠡᠭᠵᠢᠭᠦᠯᠵᠦ ᠤᠯᠤᠰ ᠲᠠᠭᠠᠨ ᠵᠢᠳᠬᠦᠬᠦ ᠢᠲᠡᠭᠡᠯ ᠵᠣᠷᠢᠭ ᠢ ᠨᠢ ᠪᠠᠲᠤᠳᠬᠠᠪᠠ᠃ ᠴᠡᠷᠢᠭ ᠲᠤ ᠤᠷᠤᠭᠰᠠᠨ ᠤ | ᠳᠠᠷᠠᠭ᠎ᠠ ᠰᠠᠨᠠᠭ᠎ᠠ ᠠᠮᠤᠷ ᠠᠯᠪᠠ ᠬᠠᠭᠠᠵᠤ᠂ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠳᠠᠭᠠᠵᠤ᠂ ᠡᠷᠳᠡᠮ | ᠴᠢᠳᠠᠪᠤᠷᠢ ᠪᠠᠨ ᠰᠢᠷᠭᠠᠭᠤ ᠪᠣᠯᠪᠠᠰᠤᠷᠠᠭᠤᠯᠵᠤ᠂ ︽ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠣᠮᠤᠭ | ᠵᠣᠷᠢᠭ ᠲᠠᠢ᠂ ᠶᠣᠰᠣ ᠮᠣᠷᠠᠯ ᠲᠠᠢ︾ ᠰᠢᠨ᠎ᠡ ᠴᠠᠭ ᠦᠶ᠎ᠡ ᠶᠢᠨ ︽ᠳᠥᠷᠪᠡ ᠶᠢ ᠪᠦᠷᠢᠯᠳᠦᠭᠦᠯᠦᠭᠰᠡᠨ︾ ᠴᠡᠷᠢᠭ | ᠪᠣᠯᠬᠤ ᠪᠠᠷ ᠴᠢᠷᠮᠠᠶᠢᠵᠤ᠂ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ᠂ ᠴᠡᠷᠢᠭ ᠢᠶᠠᠨ ᠬᠦᠴᠦᠷᠬᠡᠭᠵᠢᠭᠦᠯᠬᠦ | ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠬᠢᠷᠢ | ᠪᠦᠲᠦᠮᠵᠢ ᠪᠠᠷ ᠢᠶᠠᠨ ᠨᠤᠲᠤᠭ ᠤᠰᠤᠨ ᠳᠠᠭᠠᠨ ᠥᠩᠭᠡ ᠬᠡᠷᠡᠯ ᠨᠡᠮᠡᠷᠢᠯᠡᠨ᠎ᠡ ᠭᠡᠵᠦ ᠰᠢᠨ᠎ᠡ ᠴᠡᠷᠢᠭ ᠤᠳ | ᠢᠯᠡᠳᠬᠡᠵᠡᠭᠡᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |