ᠰᠢᠩ ᠾᠧ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/3/19
     ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠪᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠲᠠᠮᠠᠬᠠᠶ ᠬᠡᠶ ᠶᠢᠨ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠰᠠᠭᠤᠷᠢ ᠬᠢᠷᠢ ᠬᠡᠮᠵᠢᠶ᠎ᠡ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠃ 3 ᠰᠠᠷ᠎ᠠ ᠶᠢᠨ 15᠎ ᠤ ᠡᠳᠦᠷ᠂ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ ᠲᠠᠢ ᠬᠠᠮᠲᠤᠷᠠᠨ ᠪᠥᠬᠦ ᠰᠢᠶᠠᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃      ᠪᠣᠯᠪᠠᠰᠤᠷᠠᠭᠤᠯᠤᠯ ᠳᠤ ᠲᠤᠬᠠᠶ ᠶᠢᠨ ᠲᠠᠯᠠᠪᠤᠷ ᠲᠤ ᠬᠢᠴᠢᠶᠡᠯ ᠣᠷᠣᠬᠤ ᠪᠠ ᠬᠠᠷᠠᠭᠠᠨ ᠳᠠᠪᠲᠠᠮᠵᠢ ᠶᠢ ᠦᠵᠡᠬᠦ ᠠᠷᠭ᠎ᠠ ᠮᠠᠶ᠋ᠢᠭ ᠢ ᠠᠪᠴᠤ᠂ ᠠᠭᠤᠯᠭ᠎ᠠ ᠳᠤᠨᠢ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠶᠡᠷᠦ ᠶᠢᠨ ᠮᠡᠳᠡᠯᠭᠡ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠢᠴᠢ ᠢᠳᠡᠭᠡᠨ ᠤᠮᠳᠠᠭᠠᠨ ᠤ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠮᠡᠳᠡᠯᠭᠡ ᠶᠢ ᠬᠠᠮᠤᠷᠪᠠ᠃ ᠢᠳᠡᠭᠡᠨ ᠤᠮᠳᠠᠭᠠᠨ ᠤ ᠠᠵᠢᠯ ᠲᠥᠷᠥᠯ ᠤᠨ ᠰᠢᠲᠠᠮᠠᠬᠠᠶ ᠬᠡᠶ ᠶᠢᠨ ᠠᠳᠡᠯ ᠭᠠᠷᠤᠭᠰᠠᠨ ᠰᠢᠯᠲᠠᠭᠠᠨ᠂ ᠠᠳᠡᠯ ᠤᠨ ᠣᠨᠴᠠᠯᠢᠭ ᠵᠢᠴᠢ ᠬᠦᠨᠳᠦ ᠨᠣᠴᠢᠲᠠᠶ ᠦᠷ᠎ᠡ ᠳ᠋ᠦᠩ ᠳᠤ ᠭᠤᠤᠯᠳᠠᠯᠭ᠎ᠠ ᠲᠠᠢ ᠵᠠᠳᠠᠯᠤᠯᠲᠠ ᠬᠢᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠶᠢᠨ ᠡᠭᠦᠷᠭᠡ ᠬᠠᠷᠢᠭᠤᠴᠠᠯᠭ᠎ᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠬᠤᠯᠠᠴᠢᠯᠠᠨ᠂ ᠠᠵᠤ ᠠᠬᠤᠶᠢᠯᠠᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠣᠯᠠᠨ ᠲᠠᠰ ᠳᠠᠪᠬᠤᠷᠭ᠎ᠠ᠂ ᠣᠯᠠᠨ ᠬᠠᠷᠠᠭᠠᠰᠤ ᠠᠴᠠ ᠯᠠᠪᠳᠠᠭᠤᠨ ᠪᠠᠲᠤᠲᠠᠶ ᠠᠬᠢᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠩᠬᠠᠷᠬᠤ  ᠵᠦᠢᠯᠡᠰ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠳᠥᠯᠭᠢᠨ ᠠᠬᠢᠭᠤᠯᠪᠠ᠃ ᠡᠭᠦᠨ ᠤ ᠬᠠᠮᠲᠤ᠂ ᠣᠳᠣᠬᠠᠨ ᠤ ᠪᠥᠬᠦ ᠰᠢᠶᠠᠨ ᠤ ᠰᠢᠲᠠᠮᠠᠬᠠᠶ ᠬᠡᠶ ᠶᠢᠨ ᠠᠵᠢᠯ ᠲᠥᠷᠥᠯ ᠪᠣᠯᠤᠨ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠪᠣᠳᠠᠰ ᠤᠨ ᠲᠠᠯᠠᠪᠤᠷ ᠤᠨ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠭᠰᠡᠨ ᠪᠥᠭᠡᠳ ᠬᠤᠯᠪᠣᠭᠳᠠᠯ ᠪᠥᠬᠦᠶ ᠠᠵᠤ ᠠᠬᠤᠶᠢᠯᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃                                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3