ᠪᠦ᠋ᠬᠦ ᠰᠢᠶᠠᠨ ᠤ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠠᠪᠤᠭᠤᠯᠵᠤ ᠭᠠᠯ ᠢ ᠰᠡᠷᠭᠡᠶᠢᠯᠡᠬᠦ ᠲᠤᠬᠠᠶ ᠵᠠᠷᠯᠢᠭ
ᠨᠡᠶᠢᠲᠡᠯᠡᠭᠰᠡᠨ ᠴᠠᠭ᠄
2024/3/19
     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄      ᠣᠳᠣᠬᠠᠨ ᠳᠤ᠂ ᠮᠠᠨ ᠤ ᠰᠢᠶᠠᠨ ᠨᠢᠭᠡᠨᠲᠡ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠣᠷᠣᠵᠠᠶ᠂ ᠮᠠᠨ ᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠭᠠᠯ ᠢ ᠰᠡᠷᠭᠡᠶᠢᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠲᠣᠭᠲᠠᠭᠠᠪᠠ᠃      ᠨᠢᠭᠡ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ      3 ᠰᠠᠷ᠎ᠠ ᠶᠢᠨ 15 ᠤ ᠡᠳᠦᠷ ᠠᠴᠠ 5 ᠤ ᠡᠳᠦᠷ ᠬᠦᠷᠲᠡᠯ᠎ᠡ      ᠬᠤᠶᠠᠷ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ      ᠡᠯ᠎ᠡ ᠰᠢᠶᠠᠩ ᠪᠠᠯᠭᠠᠰᠤ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠲᠥᠷᠥᠯ  ᠵᠦᠢᠯ ᠤᠨ ᠲᠣᠭᠤᠷᠢᠭ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠲᠣᠭᠤᠷᠢᠭ᠂ ᠰᠤᠮᠤᠨ ᠠᠭᠤᠯᠠ ᠰᠢᠭᠤᠶ ᠶᠢᠨ ᠲᠠᠯᠠᠪᠠᠶ᠂ ᠲᠦᠮᠡᠨ ᠮᠥ ᠶᠢᠨ ᠣᠶ ᠰᠢᠭᠤᠶ ᠶᠢᠨ ᠲᠠᠯᠠᠪᠠᠶ᠂ ᠬᠤᠸᠠᠩ ᠬᠤᠸᠠ ᠯᠢᠶᠠᠩ ᠤᠨ ᠠᠮᠢ ᠠᠬᠤᠶ ᠶᠢᠨ ᠴᠡᠴᠡᠷᠯᠢᠭ᠂ ᠠᠷᠠᠳ ᠤᠨ ᠴᠡᠴᠡᠷᠯᠢᠭ᠂ ᠶᠢᠩ ᠪᠢᠨ ᠴᠡᠴᠡᠷᠯᠢᠭ᠂ ᠲᠦᠮᠡᠨ ᠵᠢᠯ ᠤᠨ ᠵᠠᠯᠠᠭᠤᠴᠤᠳ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ᠂ ᠪᠠᠶ ᠱᠠ ᠯᠢᠶᠠᠩ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ᠂ ᠰᠢᠩ ᠶᠦᠩ ᠣᠶ ᠰᠢᠭᠤᠶ ᠶᠢᠨ ᠴᠡᠴᠡᠷᠯᠢᠭ᠂ ᠡᠮᠦᠨ᠎ᠡ ᠤᠮᠠᠷ᠎ᠠ ᠶᠢᠨ ᠲᠦᠮᠡᠨ ᠮᠥ ᠶᠢᠨ ᠣᠶᠢᠵᠢᠭᠤᠯᠤᠯᠲᠠ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ᠃      ᠭᠤᠷᠪᠠ᠂ ᠴᠢᠩᠭ᠎ᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ      ᠨᠢᠭᠡ ᠳᠤ᠂ ᠵᠢᠭᠤᠯᠴᠢᠯᠠᠬᠤ ᠪᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠵᠢᠭᠤᠯᠴᠢᠯᠠᠯ ᠤᠨ ᠲᠡᠷᠭᠡ ᠬᠥᠰᠬᠡ ᠪᠣᠯᠤᠨ ᠵᠢᠭᠤᠯᠴᠢᠯᠠᠭᠴᠢᠳ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠣᠷᠣᠵᠤ ᠵᠢᠭᠤᠯᠴᠢᠯᠠᠬᠤ᠂ ᠵᠤᠭᠠᠴᠠᠬᠤ ᠶᠢ ᠴᠢᠩᠭ᠎ᠠ ᠴᠠᠭᠠᠵᠠᠯᠠᠨ᠎ᠠ︔ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠠᠲᠠᠷ ᠬᠠᠭᠠᠯᠪᠤᠷᠢᠯᠠᠨ ᠭᠤᠤᠷᠰᠤ ᠰᠢᠲᠠᠭᠠᠬᠤ᠂ ᠭᠠᠯ ᠨᠣᠴᠣᠭᠠᠵᠤ ᠳᠤᠯᠠᠭᠠᠯᠠᠬᠤ᠂ ᠪᠤᠯᠠᠰᠢᠨ ᠳᠤ ᠭᠠᠷᠭᠠᠵᠤ ᠴᠠᠭᠠᠰᠤ ᠰᠢᠲᠠᠭᠠᠬᠤ᠂ ᠲᠠᠮᠠᠬᠢ ᠲᠠᠲᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠬᠤᠶᠠᠷ ᠲᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠪᠤᠰᠤ ᠴᠢᠳᠠᠪᠤᠷᠢ ᠲᠠᠢ ᠬᠥᠮᠦᠨ ᠳᠤ ᠶᠠᠪᠤᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠥᠯᠥ ᠬᠦᠷᠦᠭᠰᠡᠳ ᠪᠠ ᠲᠡᠨᠡᠭ᠂  ᠮᠤᠩᠬᠠᠭ ᠬᠥᠮᠦᠰ ᠲᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠭᠦᠨ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠲᠤ ᠲᠡᠭᠦᠨ ᠤ ᠬᠢᠨᠠᠨ ᠬᠠᠮᠠᠭᠠᠯᠠᠭᠴᠢ ᠨᠢ ᠵᠣᠬᠢᠬᠤ ᠡᠷᠡᠭᠦᠤ ᠶᠢᠨ ᠬᠡᠷᠡᠭ ᠪᠤᠶᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃      ᠭᠤᠷᠪᠠ ᠳᠤ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ ᠵᠡᠷᠭᠡ ᠤᠯᠠᠨ ᠵᠦᠢᠯ ᠤᠨ ᠬᠡᠯᠪᠡᠷᠢ ᠶᠢ ᠠᠰᠢᠭᠯᠠᠨ ᠪᠦᠬᠦ ᠲᠠᠯ᠎ᠠ ᠪᠠᠷ ᠤᠬᠠᠭᠤᠯᠬᠤ ᠬᠡᠷᠡᠭᠲᠡᠶ᠃      ᠲᠦᠷᠪᠡ ᠳᠤ᠂ ᠲᠦᠢᠮᠡᠷ ᠤᠨ ᠲᠦᠷᠦᠯ ᠤᠨ ᠭᠠᠯ ᠤᠨ ᠡᠬᠢ ᠶᠢᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ ᠤᠢ ᠰᠢᠭᠤᠶ ᠶᠢᠨ ᠲᠠᠯᠠᠪᠠᠢ ᠵᠡᠷᠭᠡ ᠤᠢ ᠰᠢᠭᠤᠶ ᠨᠤᠲᠤᠭ ᠪᠡᠯᠴᠢᠭᠡᠷ  ᠤᠨ ᠭᠠᠯ ᠤᠨ ᠠᠶᠤᠯ ᠶᠡᠬᠡᠲᠡᠶ ᠣᠷᠣᠨ ᠳᠤ ᠡᠯ᠎ᠡ ᠭᠤᠣᠯ ᠪᠣᠯᠬᠤ ᠵᠠᠮ  ᠤᠨ ᠠᠭᠤᠯᠵᠠᠷ  ᠲᠤ ᠲᠥᠷ ᠴᠠᠭ  ᠤᠨ ᠪᠠᠶᠢᠴᠠᠭᠠᠬᠤ ᠥᠷᠳᠡᠭᠡ ᠪᠠᠶᠢᠭᠤᠯᠵᠤ᠂ ᠠᠭᠤᠯᠠ ᠶᠢ ᠪᠢᠲᠡᠭᠦᠮᠵᠢᠯᠡᠨ ᠭᠠᠯ ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠣᠯᠤᠨ ᠲᠡᠷᠭᠡ ᠬᠥᠰᠬᠡ ᠶᠢ ᠴᠢᠩᠭ᠎ᠠ ᠪᠠᠶᠢᠴᠠᠭᠠᠵᠤ᠂ ᠳᠠᠩᠰᠠᠯᠠᠭᠰᠠᠨ  ᠤ ᠲᠠᠷᠠᠭ᠎ᠠ ᠰᠠᠶ᠋ᠢ ᠣᠷᠣᠭᠤᠯᠵᠤ ᠪᠣᠯᠬᠤ ᠪᠥᠭᠡᠳ ᠭᠠᠯ ᠤᠨ ᠲᠥᠷᠥᠯ ᠠᠪᠴᠤ ᠰᠢᠭᠤᠶᠢᠲᠤ ᠣᠷᠣᠨ ᠲᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠲᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠶ ᠰᠠᠨᠠᠭᠤᠯᠭ᠎ᠠ ᠶᠢᠨ ᠫᠠᠶᠢᠰᠠ᠂ ᠰᠡᠷᠡᠮᠵᠢᠯᠡᠭᠦᠯᠬᠦ ᠫᠠᠶᠢᠰᠠ ᠪᠤᠰᠬᠠᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ ᠰᠤᠪᠠᠭ ᠢ ᠴᠡᠪᠡᠷᠯᠡᠬᠦ᠂ ᠤᠢ ᠰᠢᠭᠤᠶ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠪᠦᠬᠦᠨ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠭᠠᠯ ᠭᠠᠷᠤᠭᠰᠠᠨ ᠦᠶ᠎ᠡ ᠳᠤ᠂ ᠭᠤᠣᠯ ᠤᠳᠤᠷᠢᠳᠤᠯᠭ᠎ᠠ ᠨᠢ ᠲᠤᠬᠠᠶ ᠶᠢᠨ ᠲᠠᠯᠠᠪᠠᠢ ᠳᠤ ᠪᠡᠶ᠎ᠡ ᠪᠠᠷ ᠢᠶᠠᠨ ᠬᠦᠷᠴᠦ ᠭᠠᠯ ᠤᠨᠲᠠᠷᠠᠭᠠᠬᠤ ᠶᠢ ᠵᠢᠯᠣᠭᠤᠳᠬᠤ ᠬᠡᠷᠡᠭᠲᠡᠶ᠃ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠪᠠ ᠨᠠᠰᠤᠨ ᠳᠤ ᠤᠢᠯᠦ ᠬᠦᠷᠦᠭᠰᠡᠦᠠ ᠢ ᠲᠡᠶᠢᠴᠢᠯᠡᠵᠦ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃      ᠲᠠᠪᠤ ᠳᠤ᠂ ᠭᠠᠯ ᠤᠨ ᠠᠶᠤᠯ ᠤᠨ ᠠᠶᠤᠯ ᠶᠡᠬᠡᠲᠡᠶ ᠣᠷᠣᠨ ᠳᠤ ᠣᠷᠣᠬᠤ ᠬᠥᠮᠦᠰ᠂ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠲᠡᠷᠭᠡ ᠬᠥᠰᠬᠡ ᠪᠣᠯᠤᠨ ᠬᠤᠪᠢ ᠬᠥᠮᠦᠨ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠵᠥᠪᠰᠢᠶᠡᠷᠡᠭᠰᠡᠨ ᠴᠠᠭ᠂ ᠭᠠᠵᠠᠷ᠂ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠭ᠎ᠠ ᠬᠢᠬᠦ ᠶᠢᠨ ᠬᠠᠮᠲᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠡᠪᠡᠰᠦ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠴᠢᠬᠤᠯᠠ ᠪᠦᠬᠦᠢ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠡᠯ᠎ᠡ ᠵᠦᠢᠯ ᠤᠨ ᠮᠠᠰᠢᠨ ᠲᠡᠷᠭᠡᠨ ᠳᠤ ᠲᠣᠭᠲᠠᠭᠠᠯ ᠶᠣᠰᠣᠭᠠᠷ ᠭᠠᠯ ᠢ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠶ︔ ᠭᠠᠯ ᠰᠡᠷᠭᠡᠶᠢᠯᠡᠯᠲᠡ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠡᠷᠬᠡᠪᠰᠢ ᠬᠦᠯᠢᠶᠡᠬᠦ ᠬᠡᠷᠡᠭᠲᠡᠶ᠃      ᠵᠢᠷᠭᠤᠭ᠎ᠠ ᠳᠤ᠂ ᠴᠢᠩᠭ᠎ᠠ ᠰᠢᠢᠳᠭᠡᠨ᠎ᠡ᠃ ᠵᠥᠪᠰᠢᠶᠡᠷᠡᠯ ᠠᠪᠤᠭᠰᠠᠨ ᠥᠬᠡᠶ ᠪᠠᠷ ᠳᠤᠷ᠎ᠠ ᠪᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ᠤᠨ ᠲᠠᠪᠢᠳᠤᠭᠠᠷ  ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ ᠠᠳᠡᠯ ᠠᠴᠠ ᠪᠤᠯᠵᠤ ᠤᠢ ᠰᠢᠭᠤᠶ ᠳᠤ ᠭᠠᠯ ᠭᠠᠷᠤᠭᠰᠠᠨ᠂ ᠬᠡᠲᠦᠷᠡᠭᠦᠯᠦᠭᠰᠡᠨ ᠣᠶᠢᠲᠤ ᠭᠠᠵᠠᠷ ᠤᠨ ᠲᠠᠯᠠᠪᠠᠢ ᠨᠢ 2 ᠾᠧᠺᠲ᠋ᠠᠷ ᠠᠴᠠ ᠳᠡᠭᠡᠭᠰᠢ ᠪᠤᠶᠤ ᠬᠡᠲᠦᠷᠡᠭᠦᠯᠦᠭᠰᠡᠨ ᠰᠡᠶᠢᠷᠡᠭ ᠣᠶᠢᠲᠤ ᠭᠠᠵᠠᠷ᠂ ᠪᠤᠳᠠ ᠮᠣᠳᠣᠨ ᠤ ᠣᠶᠢᠲᠤ ᠭᠠᠵᠠᠷ᠂ ᠪᠤᠶᠢᠵᠢᠭᠠᠳᠤᠶ ᠣᠶᠢᠵᠢᠭᠤᠯᠤᠭᠰᠠᠨ ᠭᠠᠵᠠᠷ ᠨᠢ 4 ᠾᠧᠺᠲ᠋ᠠᠷ ᠠᠴᠠ ᠳᠡᠭᠡᠭᠰᠢ ᠪᠠᠶᠢᠪᠠᠯ᠂ ᠡᠷᠡᠭᠦᠦ ᠶᠢᠨ ᠬᠠᠤᠯᠢ ᠶᠢᠨ 115 ᠳ᠋ᠤᠭᠠᠷ ᠵᠦᠢᠯ ᠤᠨ 2 ᠳ᠋ᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃      ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠡᠮᠵᠢ ᠶᠢᠨ ᠳᠣᠬᠢᠶᠠᠨ ᠤ ᠤᠲᠠᠰᠤ᠄ 12119                         ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                                 2024 ᠣᠨ ᠤ 3 ᠰᠠᠷ᠎ᠠ ᠶᠢᠨ 11 ᠤ  ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3