3 ᠰᠠᠷ᠎ᠠ ᠶᠢᠨ 20 ᠤ ᠡᠳᠦᠷ᠂ ᠰᠢᠩ ᠾᠧ ᠰᠢᠶᠠᠨ ᠬᠡᠯᠪᠡᠷᠢ ᠶᠢᠨ ᠦᠵᠡᠯ ᠢᠶᠠᠷ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢ ᠴᠡᠭᠴᠡᠯᠡᠨ ᠵᠠᠰᠠᠬᠤ 2024 ᠣᠨ ᠤ | ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠧᠤ ᠷᠦᠢ ᠵᠢᠶᠦ᠋ᠨ ᠬᠤᠷᠠᠯ ᠡᠷᠭᠢᠯᠡᠵᠦ᠂ | ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ᠂ ᠬᠤᠳᠠ ᠶᠢᠨ ᠱᠠᠲᠤᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠠᠨᠢᠯᠲᠠ ᠪᠠᠨ ᠲᠣᠳᠣᠷᠬᠠᠶᠢᠯᠠᠬᠤ | ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ | ᠬᠡᠷᠡᠭᠵᠢᠭᠦᠯᠵᠦ᠂ ︽ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ︾᠂ ︽ᠰᠢᠨ᠎ᠡ ᠲᠦᠷᠢ ᠲᠥᠷᠬᠦ ᠶᠢᠨ | ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ︽ | ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠶᠡᠭᠡ ᠪᠠᠷ ᠴᠡᠭᠴᠡᠯᠡᠨ ᠵᠠᠰᠠᠵᠤ᠂ ︽ᠪᠢᠴᠢᠭ ᠤᠨ ᠠᠭᠤᠯᠠ | ᠬᠤᠷᠠᠯ ᠤᠨ ᠲᠠᠯᠠᠢ︾ ᠶᠢᠨ ᠰᠢᠨ᠎ᠡ ᠴᠤᠬᠤᠶᠢᠯᠲᠠ ᠶᠢ ᠡᠷᠡᠰ ᠰᠡᠷᠭᠡᠶᠢᠯᠡᠨ ᠵᠠᠰᠠᠵᠤ᠂ ᠰᠢᠪᠠᠳᠠᠨ ᠪᠠᠶᠢᠴᠠᠭᠠᠵᠤ ᠰᠢᠯᠭᠠᠨ | ᠬᠢᠨᠠᠬᠤ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ᠂ ᠠᠳᠠᠯᠢᠳᠬᠠᠨ ᠰᠢᠯᠭᠠᠷᠠᠭᠤᠯᠵᠤ | ᠬᠥᠬᠢᠭᠦᠯᠦᠨ ᠰᠠᠶᠢᠰᠢᠶᠠᠬᠤ᠂ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠪᠠ ᠪᠠᠶᠠᠷ ᠳᠤᠷᠠᠰᠬᠠᠯ ᠤᠨ | ᠶᠠᠷᠢᠶᠠᠨ ᠤ ᠲᠠᠪᠴᠠᠩ ᠤᠨ ᠦᠵᠡᠭᠦᠯᠦᠯᠭᠡ ᠶᠢᠨ ᠴᠤᠭᠯᠠᠭᠠᠨ ᠢ ᠢᠯᠭᠠᠷᠠᠭᠤᠯᠤᠨ ᠵᠢᠷᠤᠮᠵᠢᠭᠤᠯᠵᠤ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ︽ᠳᠤᠷ᠎ᠠ ᠪᠠᠷ ᠢᠶᠠᠨ ᠫᠠᠶᠢᠰᠠ ᠡᠯᠭᠦᠬᠦ︾ ᠠᠰᠠᠭᠤᠳᠠᠯ ᠪᠠ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠬᠦᠴᠦᠯᠡᠨ ᠢᠯᠭᠠᠷᠠᠭᠤᠯᠤᠨ᠎ᠠ᠃ | ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠴᠠ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠡᠯ᠎ᠡ ᠵᠦᠢᠯ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠦᠨᠡᠨᠬᠦ | ᠠᠳᠬᠤᠵᠤ ᠪᠣᠳᠠᠲᠠᠶ ᠪᠠᠷ ᠠᠵᠢᠯᠯᠠᠬᠤ ᠰᠢᠨ᠎ᠡ ᠰᠤᠷᠲᠠᠯ ᠲᠥᠪ ᠰᠤᠷᠲᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ | | ᠬᠤᠷᠠᠯ ᠠᠴᠠ ᠱᠠᠭᠠᠷᠳᠠᠭᠰᠠᠨ ᠨᠢ᠂ ︽ᠬᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ | ᠭᠤᠤᠯᠳᠠᠯᠭ᠎ᠠ ᠲᠠᠢ ᠱᠠᠭᠠᠷᠳᠠᠯᠭ᠎ᠠ︾ ᠶᠢ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠠᠵᠢᠯ ᠤᠨ ᠨᠠᠷᠢᠨ ᠲᠠᠩᠰᠠ ᠲᠠᠢ ᠬᠠᠷᠢᠴᠠᠭᠤᠯᠤᠨ᠂ ᠠᠵᠢᠯ ᠤᠨ ᠡᠭᠦᠷᠭᠡ ᠪᠠᠨ | ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠠᠪᠴᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠳᠠᠭᠠᠵᠤ | ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠬᠡᠯᠪᠡᠷᠢ ᠶᠢᠨ | ᠦᠵᠡᠯ ᠢ ᠦᠨᠡᠨ ᠪᠣᠳᠠᠲᠠᠶ ᠪᠠᠷ ᠢᠯᠠᠨ ᠳᠠᠪᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ | ᠪᠠᠬᠢᠵᠢᠭᠦᠯᠬᠦ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |