ᠡᠷᠳᠡᠨᠢ ᠪᠠᠯᠭᠠᠰᠤᠨ ᠤ ᠲᠥᠯᠥᠭᠡᠯᠡᠭᠴᠢ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ | ᠴᠢᠨᠠᠭᠰᠢᠳᠠ ᠳᠡᠭᠡᠭᠰᠢᠯᠡᠭᠦᠯᠵᠦ᠂ ᠪᠠᠶᠢᠩᠭᠤᠵᠢᠭᠤᠯᠬᠤ᠂ ᠪᠦᠬᠦᠯᠢ ᠡᠳᠦᠷ ᠢᠶᠠᠷ᠂ ᠥᠨᠳᠥᠷ ᠦᠷ᠎ᠡ ᠪᠦᠲᠦᠮᠵᠢᠲᠡᠢ ᠪᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠪᠡᠶᠡᠯᠡᠭᠦᠯᠬᠦ ᠶᠢᠨ ᠲᠥᠯᠥᠭᠡ᠂ 3 ᠰᠠᠷ᠎ᠠ ᠶᠢᠨ 19 ᠤ ᠡᠳᠦᠷ᠂ ᠡᠷᠳᠡᠨᠢ ᠪᠠᠯᠭᠠᠰᠤᠨ ᠤ | ᠬᠤᠯᠪᠣᠭ᠎ᠠ ᠠᠪᠬᠤ ᠲᠠᠰᠤᠭ 2024 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠪᠠᠯᠭᠠᠰᠤᠨ ᠤ ᠬᠤᠯᠪᠣᠭ᠎ᠠ ᠠᠪᠬᠤ | ᠲᠠᠰᠤᠭ ᠤᠨ ᠬᠠᠷᠢᠭᠤᠴᠠᠯᠭᠠᠲᠠᠨ᠂ ᠬᠤᠯᠪᠣᠭᠠᠴᠢᠨ᠂ ᠡᠯ᠎ᠡ ᠲᠣᠰᠬᠤᠨ ᠤ ᠳᠡᠰ ᠤᠨ ᠬᠤᠯᠪᠣᠭ᠎ᠠ ᠠᠪᠬᠤ ᠦᠷᠳᠡᠭᠡ ᠶᠢᠨ | ᠳᠠᠷᠤᠭ᠎ᠠ ᠪᠣᠯᠤᠨ ᠦᠷᠳᠡᠭᠡ ᠳᠤ ᠰᠠᠭᠤᠭ᠎ᠠ ᠬᠡᠰᠡᠭ ᠲᠥᠯᠥᠭᠡᠯᠡᠭᠴᠢ ᠭᠡᠰᠢᠭᠦᠳ ᠲᠤᠰ ᠤᠳᠠᠭᠠᠨ ᠤ ᠪᠣᠯᠪᠠᠰᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠢᠩ ᠡᡁᠧ | ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠷᠠᠯ ᠤᠨ ᠵᠣᠷᠢᠭ ᠰᠠᠨᠠᠭ᠎ᠠ ᠪᠣᠯᠤᠨ 2024 ᠣᠨ ᠤ | ᠡᠭᠦᠷᠭᠡ ᠲᠤᠰᠢᠶᠠᠯ ᠢᠶᠠᠨ ᠪᠠᠶᠢᠩᠭᠤᠵᠢᠭᠤᠯᠤᠨ ᠭᠦᠢᠴᠡᠳᠬᠡᠬᠦ ᠠᠵᠢᠯ ᠤᠨ ᠭᠤᠣᠯᠳᠠᠯᠭ᠎ᠠ ᠶᠢ ᠤᠯᠠᠮᠵᠢᠯᠠᠪᠠ᠃ ᠬᠤᠯᠪᠣᠭᠠᠨ ᠤ | ᠲᠠᠰᠤᠭ ᠤᠨ ᠬᠤᠯᠪᠣᠭᠠᠴᠢᠨ ︽ᠤᠮᠠᠷᠠᠲᠤ ᠬᠢᠯᠢ ᠶᠢᠨ ᠠᠷᠠᠳ ᠤᠨ ᠰᠡᠳᠭᠢᠯ ᠤᠨ ᠬᠦᠭᠦᠷᠭᠡ ᠰᠢᠩ ᠾᠧ ᠰᠢᠶᠠᠨ ᠤ | ᠲᠥᠯᠥᠭᠡᠯᠡᠭᠴᠢ ᠭᠡᠰᠢᠭᠦᠨ ᠤ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠪᠣᠯᠤᠨ ᠸᠢᠴᠠᠲ ᠤᠨ | ᠵᠢᠵᠢᠭ ᠫᠷᠤᠭ᠍ᠷᠠᠮ ᠤᠨ ᠬᠡᠷᠡᠭᠯᠡᠯᠲᠡ ᠵᠢᠴᠢ ᠴᠢᠨᠠᠷ ᠰᠠᠶᠢᠲᠠᠶ ᠰᠠᠨᠠᠯ ᠰᠠᠨᠠᠭᠤᠯᠭ᠎ᠠ ᠳᠤᠷᠠᠳᠬᠤ ᠲᠤᠬᠠᠶ ᠭᠤᠤᠯᠳᠠᠯᠭ᠎ᠠ ᠲᠠᠢ | ᠲᠠᠶᠢᠯᠤᠮᠵᠢ ᠬᠢᠪᠠ᠃ | ᠳᠠᠷᠠᠭᠠᠴᠢ ᠶᠢᠨ ᠠᠯᠬᠤᠮ ᠳᠤ᠂ ᠡᠷᠳᠡᠨᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ | ᠬᠤᠯᠪᠣᠭ᠎ᠠ ᠠᠪᠬᠤ ᠭᠡᠷ ᠨᠢ ᠪᠦᠬᠦ ᠪᠠᠯᠭᠠᠰᠤᠨ ᠤ ᠭᠤᠣᠯᠳᠠᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ | ᠲᠥᠯᠥᠭᠡᠯᠡᠭᠴᠢᠳ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ | ᠦᠷᠭᠦᠯᠵᠢᠯᠡᠨ ᠰᠠᠶᠢᠲᠤᠷ ᠠᠳᠬᠤᠵᠤ᠂ ᠠᠵᠢᠯᠯᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠤᠨ᠂ ᠲᠥᠯᠥᠭᠡᠯᠡᠭᠴᠢᠳ ᠭᠡᠰᠢᠭᠦᠳ ᠤᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠳᠤ ᠣᠷᠣᠯᠴᠠᠬᠤ | ᠬᠡᠮᠵᠢᠶ᠎ᠡ ᠶᠢ ᠳᠡᠭᠡᠭᠰᠢᠯᠡᠭᠦᠯᠵᠦ᠂ ᠰᠠᠨᠠᠭᠤᠯᠭ᠎ᠠ ᠵᠥᠪᠯᠡᠯᠭᠡ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ | ᠴᠢᠳᠠᠪᠤᠷᠢ ᠶᠢᠨ ᠰᠢᠨ᠎ᠡ ᠶᠢ ᠡᠭᠦᠳᠴᠦ᠂ ᠡᠷᠳᠡᠨᠢ ᠪᠠᠯᠭᠠᠰᠤᠨ ᠤ ᠡᠯ᠎ᠡ ᠵᠦᠢᠯ ᠤᠨ ᠠᠵᠢᠯ ᠦᠶ᠋ᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |