ᠰᠢᠩ ᠾᠧ ᠰᠢᠶᠠᠨ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢ ᠴᠡᠭᠴᠡᠯᠡᠨ ᠵᠠᠰᠠᠵᠤ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/21
      3 ᠰᠠᠷ᠎ᠠ ᠶᠢᠨ 20 ᠤ ᠡᠳᠦᠷ᠂ ᠰᠢᠩ ᠾᠧ ᠰᠢᠶᠠᠨ ᠬᠡᠯᠪᠡᠷᠢ ᠶᠢᠨ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢ ᠴᠡᠭᠴᠡᠯᠡᠨ ᠵᠠᠰᠠᠬᠤ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠧᠤ ᠷᠦᠢ ᠵᠢᠶᠦ᠋ᠨ ᠬᠤᠷᠠᠯ ᠡᠷᠭᠢᠯᠡᠵᠦ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠠᠨᠢᠯᠲᠠ ᠪᠠᠨ ᠲᠣᠳᠣᠷᠬᠠᠶᠢᠯᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ︽ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ︾᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠶᠡᠭᠡ ᠪᠠᠷ ᠴᠡᠭᠴᠡᠯᠡᠨ ᠵᠠᠰᠠᠵᠤ᠂ ︽ᠪᠢᠴᠢᠭ ᠤᠨ ᠠᠭᠤᠯᠠ ᠬᠤᠷᠠᠯ ᠤᠨ ᠲᠠᠯᠠᠢ︾ ᠶᠢᠨ ᠰᠢᠨ᠎ᠡ ᠴᠤᠬᠤᠶᠢᠯᠲᠠ ᠶᠢ ᠡᠷᠡᠰ ᠰᠡᠷᠭᠡᠶᠢᠯᠡᠨ ᠵᠠᠰᠠᠵᠤ᠂ ᠰᠢᠪᠠᠳᠠᠨ ᠪᠠᠶᠢᠴᠠᠭᠠᠵᠤ ᠰᠢᠯᠭᠠᠨ ᠬᠢᠨᠠᠬᠤ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ᠂ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ᠂ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠪᠠ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠦᠵᠡᠭᠦᠯᠦᠯᠭᠡ ᠶᠢᠨ ᠴᠤᠭᠯᠠᠭᠠᠨ ᠢ ᠢᠯᠭᠠᠷᠠᠭᠤᠯᠤᠨ ᠵᠢᠷᠤᠮᠵᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ︽ᠳᠤᠷ᠎ᠠ ᠪᠠᠷ ᠢᠶᠠᠨ ᠫᠠᠶᠢᠰᠠ ᠡᠯᠭᠦᠬᠦ︾ ᠠᠰᠠᠭᠤᠳᠠᠯ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠬᠦᠴᠦᠯᠡᠨ ᠢᠯᠭᠠᠷᠠᠭᠤᠯᠤᠨ᠎ᠠ᠃ ᠤᠳᠤᠷᠢᠳᠤᠯᠭ᠎ᠠ ᠪᠠᠨ ᠴᠢᠩᠭᠠᠳᠬᠠᠵᠤ᠂ ᠲᠣᠭᠲᠠᠴᠠ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠦᠨᠡᠨᠬᠦ ᠠᠳᠬᠤᠵᠤ ᠪᠣᠳᠠᠲᠠᠶ ᠪᠠᠷ ᠠᠵᠢᠯᠯᠠᠬᠤ ᠰᠢᠨ᠎ᠡ ᠰᠤᠷᠲᠠᠯ ᠲᠥᠪ ᠰᠤᠷᠲᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ︽ᠬᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠭᠤᠤᠯᠳᠠᠯᠭ᠎ᠠ ᠲᠠᠢ ᠱᠠᠭᠠᠷᠳᠠᠯᠭ᠎ᠠ︾ ᠶᠢ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠵᠢᠯ ᠤᠨ ᠨᠠᠷᠢᠨ ᠲᠠᠩᠰᠠ ᠲᠠᠢ ᠬᠠᠷᠢᠴᠠᠭᠤᠯᠤᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠠᠪᠴᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠳᠠᠭᠠᠵᠤ ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠬᠡᠯᠪᠡᠷᠢ ᠶᠢᠨ ᠦᠵᠡᠯ ᠢ ᠦᠨᠡᠨ ᠪᠣᠳᠠᠲᠠᠶ ᠪᠠᠷ ᠢᠯᠠᠨ ᠳᠠᠪᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3