ᠡᠷᠳᠡᠨᠢ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/21
     ᠡᠷᠳᠡᠨᠢ ᠪᠠᠯᠭᠠᠰᠤᠨ ᠤ ᠲᠥᠯᠥᠭᠡᠯᠡᠭᠴᠢ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠠᠶᠢᠩᠭᠤᠵᠢᠭᠤᠯᠬᠤ᠂ ᠪᠦᠬᠦᠯᠢ ᠡᠳᠦᠷ ᠢᠶᠠᠷ᠂ ᠥᠨᠳᠥᠷ ᠦᠷ᠎ᠡ ᠪᠦᠲᠦᠮᠵᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠡᠶᠡᠯᠡᠭᠦᠯᠬᠦ ᠶᠢᠨ ᠲᠥᠯᠥᠭᠡ᠂ 3 ᠰᠠᠷ᠎ᠠ ᠶᠢᠨ 19 ᠤ ᠡᠳᠦᠷ᠂  ᠡᠷᠳᠡᠨᠢ ᠪᠠᠯᠭᠠᠰᠤᠨ ᠤ ᠬᠤᠯᠪᠣᠭ᠎ᠠ ᠠᠪᠬᠤ ᠲᠠᠰᠤᠭ 2024 ᠣᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠪᠠᠯᠭᠠᠰᠤᠨ ᠤ ᠬᠤᠯᠪᠣᠭ᠎ᠠ ᠠᠪᠬᠤ ᠲᠠᠰᠤᠭ ᠤᠨ ᠬᠠᠷᠢᠭᠤᠴᠠᠯᠭᠠᠲᠠᠨ᠂ ᠬᠤᠯᠪᠣᠭᠠᠴᠢᠨ᠂ ᠡᠯ᠎ᠡ ᠲᠣᠰᠬᠤᠨ ᠤ ᠳᠡᠰ ᠤᠨ ᠬᠤᠯᠪᠣᠭ᠎ᠠ ᠠᠪᠬᠤ ᠦᠷᠳᠡᠭᠡ ᠶᠢᠨ ᠳᠠᠷᠤᠭ᠎ᠠ ᠪᠣᠯᠤᠨ ᠦᠷᠳᠡᠭᠡ ᠳᠤ ᠰᠠᠭᠤᠭ᠎ᠠ ᠬᠡᠰᠡᠭ ᠲᠥᠯᠥᠭᠡᠯᠡᠭᠴᠢ ᠭᠡᠰᠢᠭᠦᠳ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠢᠩ ᠡᡁᠧ ᠰᠢᠶᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠷᠠᠯ ᠤᠨ ᠵᠣᠷᠢᠭ ᠰᠠᠨᠠᠭ᠎ᠠ ᠪᠣᠯᠤᠨ 2024 ᠣᠨ ᠤ ᠡᠭᠦᠷᠭᠡ ᠲᠤᠰᠢᠶᠠᠯ ᠢᠶᠠᠨ ᠪᠠᠶᠢᠩᠭᠤᠵᠢᠭᠤᠯᠤᠨ ᠭᠦᠢᠴᠡᠳᠬᠡᠬᠦ ᠠᠵᠢᠯ ᠤᠨ ᠭᠤᠣᠯᠳᠠᠯᠭ᠎ᠠ ᠶᠢ ᠤᠯᠠᠮᠵᠢᠯᠠᠪᠠ᠃ ᠬᠤᠯᠪᠣᠭᠠᠨ ᠤ ᠲᠠᠰᠤᠭ ᠤᠨ ᠬᠤᠯᠪᠣᠭᠠᠴᠢᠨ ︽ᠤᠮᠠᠷᠠᠲᠤ ᠬᠢᠯᠢ ᠶᠢᠨ  ᠠᠷᠠᠳ ᠤᠨ ᠰᠡᠳᠭᠢᠯ ᠤᠨ ᠬᠦᠭᠦᠷᠭᠡ ᠰᠢᠩ ᠾᠧ ᠰᠢᠶᠠᠨ ᠤ ᠲᠥᠯᠥᠭᠡᠯᠡᠭᠴᠢ ᠭᠡᠰᠢᠭᠦᠨ ᠤ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠪᠣᠯᠤᠨ ᠸᠢᠴᠠᠲ ᠤᠨ ᠵᠢᠵᠢᠭ ᠫᠷᠤᠭ᠍ᠷᠠᠮ ᠤᠨ ᠬᠡᠷᠡᠭᠯᠡᠯᠲᠡ ᠵᠢᠴᠢ ᠴᠢᠨᠠᠷ ᠰᠠᠶᠢᠲᠠᠶ ᠰᠠᠨᠠᠯ ᠰᠠᠨᠠᠭᠤᠯᠭ᠎ᠠ ᠳᠤᠷᠠᠳᠬᠤ ᠲᠤᠬᠠᠶ ᠭᠤᠤᠯᠳᠠᠯᠭ᠎ᠠ ᠲᠠᠢ ᠲᠠᠶᠢᠯᠤᠮᠵᠢ ᠬᠢᠪᠠ᠃      ᠳᠠᠷᠠᠭᠠᠴᠢ ᠶᠢᠨ ᠠᠯᠬᠤᠮ ᠳᠤ᠂  ᠡᠷᠳᠡᠨᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠠᠪᠬᠤ ᠭᠡᠷ ᠨᠢ ᠪᠦᠬᠦ ᠪᠠᠯᠭᠠᠰᠤᠨ ᠤ ᠭᠤᠣᠯᠳᠠᠯᠭ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠲᠥᠯᠥᠭᠡᠯᠡᠭᠴᠢᠳ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯᠯᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ᠲᠥᠯᠥᠭᠡᠯᠡᠭᠴᠢᠳ ᠭᠡᠰᠢᠭᠦᠳ ᠤᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠰᠠᠨᠠᠭᠤᠯᠭ᠎ᠠ ᠵᠥᠪᠯᠡᠯᠭᠡ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠰᠢᠨ᠎ᠡ ᠶᠢ ᠡᠭᠦᠳᠴᠦ᠂  ᠡᠷᠳᠡᠨᠢ ᠪᠠᠯᠭᠠᠰᠤᠨ ᠤ ᠡᠯ᠎ᠡ ᠵᠦᠢᠯ ᠤᠨ ᠠᠵᠢᠯ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3