︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ | ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ | ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︾ ᠶᠢᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠥᠪᠥᠷ | ᠮᠣᠩᠭᠤᠯ ᠤᠨ ᠰᠢᠤᠢ ᠬᠤᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ | ᠺᠣᠮᠫᠠᠨᠢ ᠳᠤ ᠨᠠᠶᠢᠳᠠᠵᠤ ᠤᠯᠠᠭᠠᠨᠴᠠᠪ ᠤᠨ ᠱᠠᠩᠳᠤ ᠰᠢᠶᠠᠨ ᠤ 150 ᠲᠦᠮᠡᠨ ᠺᠢᠯᠣᠸᠠᠲ ᠤᠨ ᠬᠡᠷᠡᠯ ᠴᠡᠨᠡᠭ ᠤᠨ | ᠡᠪᠡᠰᠦᠨ ᠤ ᠦᠢᠯᠡᠰ ᠤᠨ ᠲᠥᠷᠥᠯ ᠵᠦᠢᠯ ᠤᠨ ᠲᠣᠤᠷ ᠲᠤ ᠵᠠᠯᠭᠠᠬᠤ ᠢᠨᠵᠧᠨᠧᠷᠢᠩ ᠤᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠨ᠎ᠡ᠂ ᠡᠳᠦᠭᠡ ᠬᠤᠯᠪᠣᠭᠳᠠᠯ ᠪᠥᠬᠦᠶ | ᠪᠠᠶᠢᠳᠠᠯ ᠢ ᠢᠯᠡ ᠨᠡᠶᠢᠲᠡᠯᠡᠶ᠎ᠡ᠃ | ᠨᠢᠭᠡ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠨᠡᠷᠡᠶᠢᠳᠦᠯ | ᠤᠯᠠᠭᠠᠨᠴᠠᠪ ᠤᠨ ᠱᠠᠩᠳᠤ ᠰᠢᠶᠠᠨ ᠤ 150 ᠲᠦᠮᠡᠨ ᠺᠢᠯᠣᠸᠠᠲ ᠤᠨ ᠬᠡᠷᠡᠯ ᠴᠡᠨᠡᠭ ᠤᠨ ᠡᠪᠡᠰᠦᠨ ᠤ | ᠦᠢᠯᠡᠰ ᠤᠨ ᠲᠥᠷᠥᠯ ᠵᠦᠢᠯ ᠤᠨ ᠲᠣᠤᠷ ᠲᠤ ᠵᠠᠯᠭᠠᠬᠤ ᠢᠨᠵᠧᠨᠧᠷᠢᠩ | ᠬᠤᠶᠠᠷ᠂ ᠪᠠᠷᠢᠯᠭ᠎ᠠ ᠶᠢᠨ ᠲᠦᠢᠮᠣ ᠪᠠᠶᠢᠳᠠᠯ | 1. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠴᠠᠬᠢᠯᠭᠠᠨ | ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ | 2. ᠲᠥᠷᠥᠯ ᠵᠦᠢᠯ ᠤᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠬᠤ | 3. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠄ ᠥᠪᠥᠷ ᠮᠣᠩᠭᠤᠯ ᠤᠨ ᠤᠯᠠᠭᠠᠨᠴᠠᠪ | ᠬᠤᠲᠠ ᠶᠢᠨ ᠱᠠᠩᠳᠤ ᠰᠢᠶᠠᠨ ᠵᠢᠴᠢ ᠰᠢᠩ ᠾᠧ ᠰᠢᠶᠠᠨ ᠤ ᠬᠢᠯᠢ ᠳᠣᠲᠣᠷ᠎ᠠ᠂ ᠰᠢᠩ ᠾᠧ ᠰᠢᠶᠠᠨ ᠤ ᠰᠠᠶᠢᠬᠤᠰᠤ | ᠪᠠᠯᠭᠠᠰᠤᠨ ᠤ ᠯᠢᠨ ᠬᠥ᠋ ᠳ᠋ᠢ ᠲᠣᠰᠬᠤᠨ ᠳᠤ ᠬᠤᠯᠪᠣᠭᠳᠠᠬᠤ ᠵᠠᠮ ᠱᠤᠭᠤᠮ ᠤᠨ ᠤᠷᠲᠤ ᠶᠢᠨ ᠬᠡᠮᠵᠢᠶ᠎ᠡ ᠨᠢ ᠪᠠᠷᠤᠭ 2. | 378 km ᠪᠠᠶᠢᠵᠤ᠂ ᠰᠢᠨ᠎ᠡ ᠪᠠᠷ ᠪᠠᠶᠢᠭᠤᠯᠤᠭᠰᠠᠨ ᠰᠤᠪᠤᠷᠭ᠎ᠠ ᠶᠢᠨ ᠰᠠᠭᠤᠷᠢ 9 ᠪᠠᠶᠢᠨ᠎ᠠ᠃ | 4. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ᠄ | ︵1︶ 1# ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠡᠪᠳᠡᠷᠬᠡᠶ ᠠᠮᠠᠰᠠᠷ ᠢ ᠬᠠᠨᠬᠠᠶ ᠠᠴᠠ ᠪᠦᠯᠬᠦᠮᠳᠡᠯ | ᠬᠦᠷᠲᠡᠯᠡᠬᠢ 220kV ᠱᠤᠭᠤᠮ ︵220kV ᠬᠠᠨ ᠪᠦᠯᠬᠦᠮᠳᠡᠯ ᠱᠤᠭᠤᠮ ᠤᠨ π ᠶᠢ 1# ᠬᠦᠴᠦᠳᠡᠯ | ᠳᠡᠭᠡᠭᠰᠢᠯᠡᠭᠦᠯᠬᠦ ᠥᠷᠲᠡᠭᠡᠨ ᠤ ᠱᠤᠭᠤᠮ ᠳᠤ ᠣᠷᠣᠭᠤᠯᠤᠨ᠎ᠠ︶ ᠳᠤ ᠵᠠᠯᠭᠠᠵᠤ ᠣᠷᠣᠭᠤᠯᠤᠨ᠎ᠠ ︵220kV ᠬᠠᠨ | ᠪᠦᠯᠬᠦᠮᠳᠡᠯ ᠱᠤᠭᠤᠮ ᠤᠨ π ᠶᠢ ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠱᠤᠭᠤᠮ ᠳᠤ ᠣᠷᠣᠭᠤᠯᠤᠨ᠎ᠠ︶ | ᠰᠢᠨ᠎ᠡ ᠪᠠᠷ ᠪᠠᠶᠢᠭᠤᠯᠬᠤ ᠵᠠᠮ ᠱᠤᠭᠤᠮ ᠤᠨ ᠡᠬᠢᠯᠡᠯᠲᠡ ᠶᠢᠨ ᠴᠡᠭ ᠨᠢ 1# ᠬᠦᠴᠦᠳᠡᠯ ᠳᠡᠭᠡᠭᠰᠢᠯᠡᠭᠦᠯᠬᠦ | ᠥᠷᠲᠡᠭᠡ ᠪᠠᠶᠢᠵᠤ᠂ ᠡᠴᠦᠰ ᠤᠨ ᠴᠡᠭ ᠨᠢ 220kV ᠶᠢᠨ ᠬᠠᠨ ᠤᠯᠤᠰ ᠤᠨ ᠪᠥᠭᠡᠮ ᠤᠨ ᠱᠤᠭᠤᠮ 26 ~ 27 | ᠳ᠋ᠤᠭᠠᠷ ᠳᠡᠰ ᠤᠨ π ᠶᠢᠨ ᠵᠠᠯᠭᠠᠰᠤ ᠴᠡᠭ ᠪᠠᠶᠢᠵᠤ᠂ ᠪᠥᠬᠦ ᠵᠠᠮ ᠤᠨ ᠪᠥᠬᠦ ᠣᠷᠳᠣ ᠨᠢ ᠪᠠᠷᠤᠭ 25km᠂ ᠮᠤᠷᠤᠶ | ᠰᠠᠷᠤᠶ ᠢᠯᠡᠳᠬᠡᠮᠵᠢ ᠨᠢ 1.34 ᠪᠠᠶᠢᠵᠤ᠂ ᠨᠢᠭᠡ ᠰᠤᠪᠤᠷᠭ᠎ᠠ ᠶᠢᠨ ᠬᠤᠤᠰ ᠪᠤᠴᠠᠯ ᠵᠠᠮ ᠢᠶᠠᠷ ᠲᠠᠲᠠᠵᠤ᠂ ᠬᠡᠰᠡᠭ | ᠭᠠᠵᠠᠷ ᠨᠢ 500kV ᠬᠠᠨ ᠬᠥ᠋ I ᠶᠢ ᠥᠷᠥᠮᠳᠡᠨ ᠳᠠᠪᠠᠵᠤ᠂ II ᠪᠤᠴᠠᠯ ᠱᠤᠭᠤᠮ ᠤᠨ ᠬᠡᠰᠡᠭ ᠲᠤ ᠲᠠᠩ ᠪᠤᠴᠠᠯ | ᠵᠠᠮ ᠢᠶᠠᠷ ᠲᠠᠲᠠᠵᠤ ᠲᠣᠬᠢᠷᠠᠭᠤᠯᠤᠨ᠎ᠠ᠃ ᠳᠠᠮᠵᠢᠭᠤᠯᠤᠭᠴᠢ ᠤᠲᠠᠰᠤᠨ ᠤ ᠬᠡᠯᠪᠡᠷᠢ ᠮᠠᠶ᠋ᠢᠭ ᠨᠢ ᠴᠥᠮ 2 × | JL/G1A-240/30 ᠪᠤᠯᠤᠳ ᠭᠤᠣᠯᠲᠤ ᠬᠥᠩᠭᠡᠨᠴᠠᠭᠠᠨ ᠤ ᠣᠷᠢᠶᠠᠮᠠᠯ ᠤᠲᠠᠰᠤ ᠪᠣᠯᠤᠨ᠎ᠠ᠃ ᠪᠦᠬᠦ | ᠱᠤᠭᠤᠮ ᠢᠶᠠᠷ ᠢᠶᠠᠨ ᠱᠠᠩᠳᠤ ᠰᠢᠶᠠᠨ ᠤ ᠴᠢ ᠲᠠᠢ ᠪᠠᠯᠭᠠᠰᠤ᠂ ᠰᠢᠶᠤᠤ ᠬᠠᠶ ᠽᠢ ᠪᠠᠯᠭᠠᠰᠤ ᠵᠢᠴᠢ ᠰᠠᠨ ᠳ᠋ᠠ ᠴᠢᠩ | ᠰᠢᠶᠠᠩ ᠢᠶᠠᠷ ᠥᠩᠭᠡᠷᠡᠨ᠎ᠡ᠃ ᠵᠠᠮ ᠱᠤᠭᠤᠮ ᠤᠨ ᠡᠷᠭᠢᠯᠲᠡ ᠶᠢᠨ ᠥᠨᠴᠥᠭ ᠨᠢ 18 ᠤᠳᠠᠭ᠎ᠠ ᠪᠠᠶᠢᠵᠤ᠂ ᠵᠠᠮ | ᠳᠠᠭᠠᠤ ᠨᠢ ᠳᠠᠯᠠᠶ ᠶᠢᠨ ᠲᠦᠪᠰᠢᠨ ᠠᠴᠠ 1300m-1400m ᠥᠨᠳᠥᠷ ᠪᠠᠶᠢᠳᠠᠭ᠃ | ︵2︶ 2# ᠬᠦᠴᠦᠳᠡᠯ ᠳᠡᠭᠡᠭᠰᠢᠯᠡᠭᠦᠯᠬᠦ ᠦᠷᠳᠡᠭᠡ ᠠᠴᠠ ᠴᠠᠩ ᠱᠧᠩ ︵ᠯᠦ ᠠᠨ︶ ᠳᠤ ᠬᠦᠷᠬᠦ | 220kV ᠬᠦᠴᠦᠳᠡᠯ ᠥᠭᠡᠷᠡᠴᠢᠯᠡᠬᠦ ᠦᠷᠳᠡᠭᠡ ᠶᠢᠨ ᠬᠡᠯᠬᠢᠶ᠎ᠡ | ᠰᠢᠨ᠎ᠡ ᠪᠠᠷ ᠪᠠᠶᠢᠭᠤᠯᠤᠭᠰᠠᠨ ᠱᠤᠭᠤᠮ ᠤᠨ ᠡᠬᠢᠯᠡᠯᠲᠡ ᠶᠢᠨ ᠴᠡᠭ ᠨᠢ 2# ᠬᠦᠴᠦᠳᠡᠯ ᠳᠡᠭᠡᠭᠰᠢᠯᠡᠭᠦᠯᠬᠦ | ᠦᠷᠳᠡᠭᠡ᠂ ᠡᠴᠦᠰ ᠤᠨ ᠴᠡᠭ ᠨᠢ ᠴᠠᠩ ᠱᠧᠩ ︵ᠯᠦ ᠠᠨ︶ 220kV ᠬᠦᠴᠦᠳᠡᠯ ᠥᠭᠡᠷᠡᠴᠢᠯᠡᠬᠦ ᠦᠷᠳᠡᠭᠡ᠂ | ᠪᠦᠬᠦ ᠱᠤᠭᠤᠮ ᠤᠨ ᠶᠡᠷᠦᠩᠬᠡᠢ ᠤᠷᠳᠤ ᠨᠢ 33km᠂ ᠮᠤᠷᠦ᠋ᠢᠯᠲᠠ ᠶᠢᠨ ᠢᠯᠡᠳᠬᠡᠮᠵᠢ ᠨᠢ 1.39 ᠪᠠᠶᠢᠵᠤ᠂ | ᠲᠠᠩ ᠢᠶᠠᠷ ᠨᠢ ᠪᠤᠴᠠᠭᠠᠨ ᠲᠠᠲᠠᠨ᠎ᠠ᠃ ᠳᠠᠮᠵᠢᠭᠤᠯᠤᠭᠴᠢ ᠤᠲᠠᠰᠤᠨ ᠤ ᠬᠡᠯᠪᠡᠷᠢ ᠮᠠᠶ᠋ᠢᠭ ᠨᠢ ᠴᠥᠮ 2 × | JL/G1A-630/45 ᠪᠤᠯᠤᠳ ᠭᠤᠣᠯᠲᠤ ᠬᠥᠩᠭᠡᠨᠴᠠᠭᠠᠨ ᠤ ᠣᠷᠢᠶᠠᠮᠠᠯ ᠤᠲᠠᠰᠤ ᠪᠣᠯᠤᠨ᠎ᠠ᠃ ᠪᠦᠬᠦ | ᠱᠤᠭᠤᠮ ᠢᠶᠠᠷ ᠢᠶᠠᠨ ᠱᠠᠩᠳᠤ ᠰᠢᠶᠠᠨ ᠤ ᠱᠢ ᠪᠠ ᠴᠢᠩ ᠪᠠᠯᠭᠠᠰᠤ᠂ ᠴᠢ ᠲᠠᠢ ᠪᠠᠯᠭᠠᠰᠤ᠂ ᠰᠢᠶᠤᠤ ᠬᠠᠶ ᠽᠢ ᠪᠠᠯᠭᠠᠰᠤ | ᠵᠢᠴᠢ ᠰᠠᠨ ᠳ᠋ᠠ ᠴᠢᠩ ᠰᠢᠶᠠᠩ ᠢᠶᠠᠷ ᠥᠩᠭᠡᠷᠡᠨ᠎ᠡ᠃ ᠱᠤᠭᠤᠮ ᠤᠨ ᠡᠷᠭᠢᠯᠲᠡ ᠶᠢᠨ ᠥᠨᠴᠥᠭ 30 ᠤᠳᠠᠭ᠎ᠠ᠃ ᠵᠠᠮ | ᠳᠠᠭᠠᠤ ᠳᠠᠯᠠᠶ ᠶᠢᠨ ᠲᠦᠪᠰᠢᠨ ᠠᠴᠠ 1300m-1400m ᠡᠷᠭᠦᠭᠳᠡᠭᠰᠡᠨ ᠪᠠᠶᠢᠨ᠎ᠠ᠃ | ︵3︶ 3# ᠬᠦᠴᠦᠳᠡᠯ ᠳᠡᠭᠡᠭᠰᠢᠯᠡᠭᠦᠯᠬᠦ ᠥᠷᠲᠡᠭᠡ ᠠᠴᠠ 2# ᠬᠦᠴᠦᠳᠡᠯ ᠳᠡᠭᠡᠭᠰᠢᠯᠡᠭᠦᠯᠬᠦ ᠥᠷᠲᠡᠭᠡᠨ ᠤ | ᠱᠤᠭᠤᠮ | ᠰᠢᠨ᠎ᠡ ᠪᠠᠷ ᠪᠠᠶᠢᠭᠤᠯᠬᠤ ᠵᠠᠮ ᠱᠤᠭᠤᠮ ᠤᠨ ᠡᠬᠢᠯᠡᠯᠲᠡ ᠶᠢᠨ ᠴᠡᠭ ᠨᠢ 3# ᠬᠦᠴᠦᠳᠡᠯ ᠳᠡᠭᠡᠭᠰᠢᠯᠡᠭᠦᠯᠬᠦ | ᠥᠷᠲᠡᠭᠡ᠂ ᠲᠡᠭᠦᠰᠬᠡᠯ ᠤᠨ ᠴᠡᠭ ᠨᠢ 2# ᠬᠦᠴᠦᠳᠡᠯ ᠳᠡᠭᠡᠭᠰᠢᠯᠡᠭᠦᠯᠬᠦ ᠥᠷᠲᠡᠭᠡ ᠪᠠᠶᠢᠵᠤ᠂ ᠪᠥᠬᠦ ᠵᠠᠮ ᠤᠨ ᠪᠥᠬᠦ | ᠣᠷᠳᠣ ᠨᠢ ᠪᠠᠷᠤᠭ 15km᠂ ᠮᠤᠷᠤᠶ ᠰᠠᠷᠤᠶ ᠢᠯᠡᠳᠬᠡᠮᠵᠢ ᠨᠢ 1.74 ᠪᠠᠶᠢᠵᠤ᠂ ᠲᠠᠩ ᠪᠤᠴᠠᠭᠠᠨ ᠲᠠᠲᠠᠬᠤ | ᠪᠣᠯᠤᠨ᠎ᠠ᠃ ᠳᠠᠮᠵᠢᠭᠤᠯᠤᠭᠴᠢ ᠤᠲᠠᠰᠤᠨ ᠤ ᠬᠡᠯᠪᠡᠷᠢ ᠮᠠᠶ᠋ᠢᠭ ᠨᠢ ᠴᠥᠮ 2 × JL/G1A-240/30 ᠪᠤᠯᠤᠳ | ᠭᠤᠣᠯᠲᠤ ᠬᠥᠩᠭᠡᠨᠴᠠᠭᠠᠨ ᠤ ᠣᠷᠢᠶᠠᠮᠠᠯ ᠤᠲᠠᠰᠤ ᠪᠣᠯᠤᠨ᠎ᠠ᠃ ᠪᠦᠬᠦ ᠱᠤᠭᠤᠮ ᠢᠶᠠᠷ ᠢᠶᠠᠨ ᠰᠢᠶᠤᠤ ᠬᠠᠶ ᠽᠢ | ᠪᠠᠯᠭᠠᠰᠤ ᠪᠠᠷ ᠥᠩᠭᠡᠷᠡᠨ᠎ᠡ᠃ ᠱᠤᠭᠤᠮ ᠤᠨ ᠡᠷᠭᠢᠯᠲᠡ ᠶᠢᠨ ᠥᠨᠴᠥᠭ 19 ᠤᠳᠠᠭ᠎ᠠ᠃ | ᠭᠤᠷᠪᠠ᠂ ᠯᠠᠪᠯᠠᠨ ᠠᠰᠠᠭᠤᠬᠤ ᠵᠦᠢᠯᠡᠰ | ᠣᠯᠠᠨ ᠨᠡᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠭᠡᠪᠡᠯ᠄ ᠲᠠ ᠲᠤᠰ ᠵᠦᠢᠯᠡᠰ ᠢ ᠬᠡᠷᠡᠭᠵᠢᠭᠦᠯᠬᠦ ᠳᠤ | ᠶᠠᠮᠠᠷ ᠰᠠᠨᠠᠭᠤᠯᠭ᠎ᠠ ᠪᠠ ᠰᠠᠨᠠᠯ ᠲᠠᠢ ᠪᠤᠢ᠃ | ᠳᠥᠷᠪᠡ᠂ ᠢᠯᠡ ᠨᠡᠶᠢᠲᠡᠯᠡᠬᠦ ᠲᠣᠳᠣᠷᠬᠠᠶᠢᠯᠠᠯᠲᠠ | 1. ᠲᠤᠰ ᠤᠳᠠᠭᠠᠨ ᠤ ᠤᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠦᠳᠠᠨ ᠵᠦᠢᠯ | ᠵᠡᠷᠭᠡ ᠪᠢᠴᠢᠭ ᠤᠨ ᠬᠡᠯᠪᠡᠷᠢ ᠪᠠᠷ ᠪᠦᠳᠦᠭᠡᠨ ᠪᠠᠶᠢᠭᠤᠯᠬᠤ ᠨᠢᠭᠡᠴᠢ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠲᠠᠢ ᠬᠠᠷᠢᠯᠴᠠᠵᠤ ᠪᠣᠯᠤᠨ᠎ᠠ᠃ | 2. ᠨᠡᠶᠢᠲᠡ ᠳᠤ ᠵᠠᠷᠯᠠᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠦᠲᠦᠭᠡᠨ | ᠪᠠᠶᠢᠭᠤᠯᠤᠯᠲᠠ ᠶᠢᠨ ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠯᠠᠪᠯᠠᠬᠤ᠂ ᠪᠠᠶᠢᠴᠠᠭᠠᠨ | ᠦᠵᠡᠬᠦ ᠦᠢᠯᠡᠴᠢᠯᠡᠭᠡ ᠬᠠᠩᠭᠠᠨ᠎ᠠ᠃ | 3. ᠪᠦᠳᠤᠭᠡᠨ ᠪᠠᠶᠢᠭᠤᠯᠤᠯᠲᠠ ᠶᠢᠨ ᠵᠦᠢᠯᠡᠰ ᠲᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠠᠯ᠎ᠠ ᠪᠠᠷ ᠬᠢ | ᠠᠶᠤᠯ ᠲᠦᠭᠰᠢᠭᠦᠷᠢ ᠶᠢᠨ ᠲᠠᠯ᠎ᠠ ᠪᠠᠷ ᠬᠢ ᠤᠯᠠᠨ ᠨᠡᠶᠢᠲᠡ ᠶᠢᠨ ᠰᠠᠨᠠᠭᠤᠯᠭ᠎ᠠ ᠪᠤᠶᠤ ᠰᠠᠨᠠᠯ ᠢ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠪᠦᠳᠤᠭᠡᠨ ᠪᠠᠶᠢᠭᠤᠯᠤᠯᠲᠠ ᠶᠢᠨ ᠵᠦᠢᠯᠡᠰ ᠤᠨ ᠨᠢᠭᠡᠴᠢ | ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ | ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠤᠨ ᠭᠠᠷᠭᠠᠵᠤ ᠪᠣᠯᠤᠨ᠎ᠠ᠃ | 4. 2024 ᠣᠨ ᠤ 3 ᠰᠠᠷ᠎ᠠ ᠶᠢᠨ 20 ᠤ ᠡᠳᠦᠷ - 2024 ᠣᠨ ᠤ 4 ᠰᠠᠷ᠎ᠠ ᠶᠢᠨ 4 ᠤ ᠡᠳᠦᠷ | ᠲᠠᠪᠤ᠂ ᠬᠡᠷᠡᠭᠵᠢᠭᠦᠯᠬᠦ ᠨᠢᠭᠡᠴᠡ ᠵᠢᠴᠢ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ | ᠨᠢᠭᠡᠴᠡ | 1. ᠬᠡᠷᠡᠭᠵᠢᠭᠦᠯᠬᠦ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠬᠠᠷᠢᠯᠴᠠᠬᠤ ᠬᠥᠮᠦᠨ᠄ ᠰᠢᠤᠸᠠᠢ ᠶᠤᠸᠠᠨ ᠬᠠᠷᠢᠯᠴᠠᠬᠤ ᠤᠲᠠᠰᠤ᠄ 15344230111 | 2. ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ | ᠰᠢᠤᠢ ᠬᠤᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ | ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ | ᠬᠤᠶᠠᠳᠤᠭᠠᠷ ᠲᠣᠭᠤᠷᠢᠯ ᠵᠠᠮ ᠤᠨ ᠶᠦᠩ ᠲᠠᠢ ᠬᠤᠲᠠ ᠶᠢᠨ ᠠᠯᠪᠠᠯᠠᠬᠤ ᠠᠰᠠᠷ ᠤᠨ D ᠰᠠᠭᠤᠳᠠᠯ ᠤᠨ 17A | ᠳᠠᠪᠬᠤᠷᠭ᠎ᠠ | ᠬᠠᠷᠢᠯᠴᠠᠬᠤ ᠬᠥᠮᠦᠨ᠄ ᠯᠢᠦ ᠭᠤᠤ ᠹᠸᠢ ᠬᠠᠷᠢᠯᠴᠠᠬᠤ ᠤᠲᠠᠰᠤ᠄ 15248177076 ᠰᠢᠤᠳᠠᠨ ᠤ | ᠬᠠᠶᠢᠷᠴᠠᠭ᠄ xhxmgl@163.com | ᠣᠨᠴᠠᠭᠠᠶᠢᠯᠠᠨ ᠵᠠᠷᠯᠠᠪᠠ | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | 2024 ᠣᠨ ᠤ 3 ᠰᠠᠷ᠎ᠠ ᠶᠢᠨ 20 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |