ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/22
      3 ᠰᠠᠷ᠎ᠠ ᠶᠢᠨ 21᠎ ᠤ ᠡᠳᠦᠷ᠂ ᠮᠠᠨ ᠤ ᠰᠢᠶᠠᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠭᠤᠣᠯ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠡᠨᠡ ᠵᠢᠯ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠳᠦᠭᠡᠨ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠢ ᠡᠯ᠎ᠡ ᠲᠠᠯ᠎ᠠ᠂ ᠪᠦᠬᠦ ᠶᠠᠪᠤᠴᠠ ᠳᠤ ᠦᠷᠭᠦᠯᠵᠢᠯᠡᠨ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯ ᠪᠣᠯᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠩᠭᠠᠳᠬᠠᠭᠰᠠᠨ ᠨᠢ᠂ ᠵᠣᠬᠢᠶᠠᠨ ᠪᠠᠶᠢᠭᠤᠯᠬᠤ ᠠᠵᠢᠯ ᠳᠤ ᠮᠡᠷᠭᠡᠳ ᠢ ᠰᠣᠩᠭᠤᠨ ᠴᠢᠳᠠᠪᠤᠷᠢᠲᠠᠨ ᠢ ᠬᠡᠷᠡᠭᠯᠡᠬᠦ᠂ ᠦᠨᠳᠦᠰᠦ ᠶᠢ ᠪᠠᠲᠤᠳᠬᠠᠨ ᠰᠠᠭᠤᠷᠢ ᠶᠢ ᠪᠠᠬᠢᠵᠢᠭᠦᠯᠬᠦ ᠶᠢ ᠲᠤᠪᠤᠶᠢᠯᠭᠠᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠢ ᠪᠠᠬᠢᠵᠢᠭᠦᠯᠦᠨ ᠥᠷᠭᠡᠳᠬᠡᠵᠦ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ︽ᠲᠠᠶᠢᠴᠢᠨ ᠬᠦᠴᠦᠨ︾ ᠪᠦᠬᠦᠢ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢ ᠬᠦᠴᠦᠯᠡᠨ ᠪᠠᠶᠢᠭᠤᠯᠬᠤ ᠬᠡᠷᠡᠭᠲᠡᠢ︔ ᠺᠠᠳ᠋ᠷ ᠢ ᠰᠣᠩᠭᠤᠨ ᠪᠤᠶᠢᠵᠢᠭᠤᠯᠬᠤ ᠳᠤ ᠲᠤᠰᠠᠲᠠᠢ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠺᠠᠳ᠋ᠷ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠦᠨᠡᠨᠬᠦ ᠠᠳᠬᠤᠵᠤ ᠪᠣᠳᠠᠲᠠᠢ ᠠᠵᠢᠯᠯᠠᠭᠰᠠᠨ᠂ ᠲᠤᠪᠤᠶᠢᠮ᠎ᠠ ᠠᠮᠵᠢᠯᠲᠠ ᠪᠦᠲᠦᠮᠵᠢ ᠲᠠᠢ ᠺᠠᠳ᠋ᠷ ᠢ ᠶᠡᠬᠡᠪᠡᠷ ᠰᠢᠯᠢᠨ ᠰᠣᠩᠭᠤᠵᠤ᠂ ᠨᠡᠩ ᠢᠯᠡᠭᠦᠦ ︽ᠭᠦᠢᠴᠡᠳᠬᠡᠬᠦ ᠬᠦᠴᠦᠨ︾᠎ ᠲᠠᠢ ᠺᠠᠳ᠋ᠷ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠴᠢᠳᠠᠪᠤᠷᠢᠲᠠᠨ ᠢᠶᠠᠷ ᠰᠢᠶᠠᠨ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠶᠡᠭᠡ ᠡᠷᠴᠢᠮ ᠢᠶᠠᠷ ᠴᠢᠳᠠᠪᠤᠷᠢᠲᠠᠨ ᠢ ᠡᠯᠰᠡᠵᠦ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠴᠢᠬᠤᠯᠠᠴᠢᠯᠠᠨ ᠴᠢᠳᠠᠪᠤᠷᠢᠲᠠᠨ ᠢ ᠬᠡᠷᠡᠭᠯᠡᠬᠦ᠂ ᠴᠢᠳᠠᠪᠤᠷᠢᠲᠠᠨ ᠢ ᠬᠥᠮᠦᠵᠢᠭᠦᠯᠦᠨ ᠴᠢᠳᠠᠪᠤᠷᠢᠲᠠᠨ ᠪᠣᠯᠭᠠᠬᠤ᠂ ᠴᠢᠳᠠᠪᠤᠷᠢᠲᠠᠨ ᠢ ᠴᠤᠭᠯᠠᠭᠤᠯᠤᠨ ᠴᠢᠳᠠᠪᠤᠷᠢᠲᠠᠨ ᠢ ᠦᠯᠡᠳᠡᠭᠡᠬᠦ᠂ ᠨᠡᠩ ᠢᠯᠡᠭᠦᠦ ︽ᠲᠠᠲᠠᠬᠤ ᠬᠦᠴᠦᠨ︾᠎ ᠲᠠᠢ ᠴᠢᠳᠠᠪᠤᠷᠢᠲᠠᠨ ᠤ ᠣᠷᠴᠢᠨ ᠨᠥᠬᠦᠴᠡᠯ ᠢ ᠬᠦᠴᠦᠯᠡᠨ ᠪᠠᠶᠢᠭᠤᠯᠬᠤ ᠬᠡᠷᠡᠭᠲᠡᠶ᠃ ᠤᠬᠠᠭᠤᠯᠭ᠎ᠠ ᠶᠢᠨ ᠠᠵᠢᠯ ᠳᠤ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ᠂ ᠬᠠᠭᠤᠴᠢᠨ ᠢ ᠤᠷᠬᠢᠵᠤ ᠰᠢᠨ᠎ᠡ ᠶᠢ ᠡᠭᠦᠳᠬᠦ ᠶᠢ ᠲᠤᠪᠤᠶᠢᠯᠭᠠᠵᠦ᠂ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ᠦᠨᠳᠦᠰᠦᠲᠡᠨ ᠤ ᠵᠣᠬᠢᠶᠠᠯ︾ ︽ᠥᠪᠥᠷ ᠮᠣᠩᠭᠤᠯ ᠤᠨ ᠵᠣᠬᠢᠶᠠᠯ︾᠎ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ︔ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠬᠥᠭᠵᠢᠯ ᠪᠠᠳᠠᠷᠠᠯ ᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ᠂ ᠥᠨᠳᠥᠷ ᠲᠦᠪᠰᠢᠨ ᠢᠶᠠᠷ ᠤᠬᠠᠭᠤᠯᠤᠨ ᠲᠠᠨᠢᠯᠴᠠᠭᠤᠯᠵᠤ᠂ ᠬᠥᠭᠵᠢᠯ ᠪᠠᠳᠠᠷᠠᠯ ᠤᠨ ᠦᠯᠢᠭᠡᠷ ᠢ ᠶᠠᠷᠢᠵᠤ᠂ ᠬᠥᠭᠵᠢᠯ ᠪᠠᠳᠠᠷᠠᠯ ᠤᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ︔ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠤᠨ ᠦᠢᠯᠡᠰ ᠰᠣᠶᠣᠯ ᠤᠨ ᠠᠵᠤ ᠦᠢᠯᠡᠰ ᠢ ᠶᠡᠬᠡᠪᠡᠷ ᠴᠡᠴᠡᠭᠯᠡᠭᠦᠯᠦᠨ ᠬᠥᠭᠵᠢᠭᠦᠯᠵᠦ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠤᠨ ︽ᠬᠥᠭᠵᠢᠯ ᠪᠠᠳᠠᠷᠠᠯ︾᠎ ᠢ ᠬᠠᠩᠭᠢᠨᠠᠭᠤᠯᠬᠤ ᠬᠡᠷᠡᠭᠲᠡᠢ︔ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠬᠤᠳᠠ ᠶᠢᠨ ᠪᠣᠯᠪᠠᠰᠤᠨ ᠤ ᠬᠡᠮᠵᠢᠶ᠎ᠡ ᠪᠣᠯᠤᠨ ᠬᠤᠳᠠ ᠶᠢᠨ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠶᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠨᠢ ᠬᠠᠮᠲᠤᠷᠠᠯ ᠤᠨ ᠬᠦᠴᠦᠨ ᠢ ᠨᠢᠭᠲᠠᠷᠠᠭᠤᠯᠬᠤ᠂ ᠰᠡᠳᠬᠢᠯ ᠢᠶᠠᠨ ᠨᠢᠭᠡᠳᠬᠡᠨ ᠴᠢᠭᠯᠡᠯ ᠢᠶᠠᠨ ᠬᠠᠮᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠦᠵᠡᠯ ᠰᠠᠨᠠᠭ᠎ᠠ ᠪᠠᠷ ᠠᠵᠢᠯ ᠢᠶᠠᠨ ᠬᠦᠳᠦᠯᠦᠨ ᠳᠠᠭᠠᠭᠤᠯᠬᠤ ᠶᠢᠨ ᠰᠢᠨ᠎ᠡ ᠶᠢ ᠡᠭᠦᠳᠴᠦ᠂ ᠡᠯ᠎ᠡ ᠲᠠᠯ᠎ᠠ ᠶᠢᠨ ᠬᠢᠨ ᠲᠠᠢ ᠬᠠᠮᠤᠭ ᠤᠨ ᠶᠡᠭᠡ ᠬᠡᠮᠵᠢᠶ᠎ᠡ ᠪᠠᠷ ᠪᠦᠯᠬᠦᠮᠳᠡᠵᠦ᠂ ᠬᠦᠴᠦᠨ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ︔ ︽ᠬᠤᠶᠠᠷ ᠭᠤᠶᠢᠪᠢᠰᠢ ᠦᠭᠡᠢ ᠪᠠᠶᠢᠬᠤ︾᠎ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ︽ᠬᠤᠶᠠᠷ ᠡᠷᠡᠭᠦᠯ ᠮᠡᠨᠳᠤ︾᠎ ᠶᠢ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ︔ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠱᠠᠰᠢᠨ ᠰᠤᠷᠲᠠᠬᠤᠨ ᠤ ᠡᠲᠡᠭᠡᠳ ᠤᠨ ᠥᠪᠡᠷ ᠢ ᠪᠠᠨ ᠬᠠᠮᠢᠶᠠᠷᠬᠤ ᠬᠢᠷᠢ ᠬᠡᠮᠵᠢᠶ᠎ᠡ ᠪᠠ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠵᠢᠷᠤᠮᠵᠢᠭᠤᠯᠤᠨ ᠪᠠᠶᠢᠭᠤᠯᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠠᠪᠤᠴᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃      ᠰᠢᠶᠠᠨ ᠤ ᠤᠳᠤᠷᠢᠳᠤᠯᠭ᠎ᠠ ᠶᠠᠩ ᠯᠢ ᠷᠦᠩ᠂ ᠶᠤᠸᠠᠢ ᠯᠢᠶᠠᠩ᠂ ᠸᠠᠩ ᠬᠠᠢ ᠵᠢᠶᠦ᠋ᠨ ᠬᠤᠷᠠᠯ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3