ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 8 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 21᠎ ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2024 ᠣᠨ ᠤ 8 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ︽ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠶᠢᠨ 2024 ᠣᠨ ᠤ ᠠᠵᠢᠯ ᠤᠨ ᠭᠤᠣᠯᠳᠠᠯᠭ᠎ᠠ︾᠂ ︽ᠰᠢᠩ ᠡᡁᠧ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ ᠰᠠᠨᠠᠯ︾ ᠵᠡᠷᠭᠡ ᠪᠢᠴᠢᠭ ᠮᠠᠲᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠩᠭᠠᠳᠬᠠᠭᠰᠠᠨ ᠨᠢ᠂ ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠢᠳᠡᠪᠬᠢᠲᠡᠢ ᠠᠬᠢᠭᠤᠯᠵᠤ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ︽ᠲᠠᠪᠤᠨ ᠣᠳᠣᠬᠢᠴᠢᠯᠠᠯᠲᠠ︾᠎ ᠶᠢᠨ ᠥᠭᠡᠷᠡᠴᠢᠯᠡᠯᠲᠡ ᠪᠣᠯᠤᠨ ᠪᠢᠯᠢᠭ ᠲᠦᠢᠯ ᠤᠨ ᠮᠠᠲᠧᠷᠢᠶᠠᠯ ᠤᠨ ︽ᠲᠦᠷᠪᠡ ᠶᠢ ᠲᠡᠰ ᠳᠡᠪᠰᠢᠭᠦᠯᠬᠦ ᠠᠵᠢᠯᠯᠠᠭ᠎ᠠ︾᠎ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠲᠡᠷᠢᠭᠦᠨ ᠤ ᠲᠤᠨᠤᠭ ᠲᠥᠬᠦᠭᠡᠷᠦᠮᠵᠢ ᠶᠢᠨ ᠮᠡᠷᠭᠡᠵᠢᠯ ᠢ ᠬᠡᠷᠡᠭᠯᠡᠨ ᠰᠢᠨᠡᠴᠢᠯᠡᠬᠦ ᠶᠢ ᠵᠣᠷᠢᠭᠵᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠤᠯᠠᠨ ᠲᠦᠮᠡᠨ ᠤ ᠠᠮᠢᠳᠤᠷᠠᠯ ᠤᠨ ᠬᠡᠷᠡᠭᠰᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠭᠤᠴᠢᠨ ᠢᠶᠠᠷ ᠰᠢᠨ᠎ᠡ ᠶᠢ ᠰᠣᠯᠢᠵᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠰᠦᠪᠡᠭᠴᠢᠯᠡᠨ ᠥᠷᠨᠢᠭᠦᠯᠵᠦ᠂ ᠭᠠᠷ ᠳᠠᠮᠵᠢᠭᠰᠠᠨ ᠲᠠᠸᠠᠷ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠥᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠠᠰᠢᠭ ᠢᠶᠠᠷ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠨᠡᠩ ᠰᠠᠶᠢᠨ ᠠᠰᠢᠭ ᠬᠦᠷᠲᠡᠭᠡᠬᠦ ᠬᠡᠷᠡᠭᠲᠡᠢ᠃ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾᠎ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾᠎ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠠᠸᠠᠷ ᠤᠨ ᠲᠡᠭᠡᠭᠡᠪᠦᠷᠢ ᠶᠢᠨ ᠥᠪᠡᠷ ᠤᠨ ᠦᠷᠳᠡᠭ ᠢ ᠴᠢᠨᠠᠭᠰᠢᠳᠠ ᠪᠠᠭᠤᠷᠠᠭᠤᠯᠵᠤ᠂ ᠲᠡᠭᠡᠭᠡᠪᠦᠷᠢ ᠶᠢᠨ ᠦᠷ᠎ᠡ ᠠᠰᠢᠭ ᠢ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠤᠯ ᠤᠨ ᠰᠤᠷᠤᠯᠴᠠᠯᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠬᠡᠷᠡᠭᠲᠡᠢ᠃ ᠰᠢᠯᠢᠳᠡᠭ ᠵᠠᠯᠠᠭᠤ ᠺᠠᠳ᠋ᠷᠴᠤᠳ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠺᠠᠳ᠋ᠷᠴᠤᠳ ᠤᠨ ᠬᠥᠮᠦᠵᠢᠯ ᠤᠨ ᠪᠠᠶᠢᠩᠭᠤ ᠶᠢᠨ ᠪᠣᠯᠪᠠᠰᠤᠷᠠᠯ ᠤᠨ ᠲᠣᠭᠲᠠᠴᠠ ᠶᠢ ᠪᠦᠷᠢᠨᠰᠢᠬᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠶᠡᠭᠡ ᠶᠠᠪᠤᠳᠠᠯ᠂ ︽ᠵᠢᠷᠭᠤᠭᠠᠨ ᠢᠨᠵᠧᠨᠧᠷᠢᠩ︾ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠲᠥᠷᠥᠯ ᠵᠦᠢᠯ ᠤᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ ᠪᠣᠯᠬᠤ︾᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃      ᠬᠤᠷᠠᠯ ᠠᠴᠠ  ᠴᠢᠩᠭᠠᠳᠬᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠤᠯᠠᠮᠵᠢᠯᠠᠵᠤ᠂ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠤᠷᠤᠯᠴᠠᠨ ᠡᠵᠡᠮᠰᠢᠭᠦᠯᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠪᠠᠷᠢᠮᠵᠢᠶ᠎ᠡ ᠬᠦᠰᠦᠨᠦᠭᠲᠦ ᠶᠢ ᠬᠠᠷᠭᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠪᠠᠷ ᠬᠡᠷᠡᠭᠵᠢᠭᠦᠯᠦᠨ ᠠᠬᠢᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠦᠵᠡᠯ ᠰᠠᠨᠠᠭ᠎ᠠ ᠰᠠᠮᠠᠭᠤᠷᠠᠬᠤ ᠦᠭᠡᠢ᠂ ᠠᠵᠢᠯ ᠲᠠᠰᠤᠷᠠᠯᠳᠡ ᠦᠭᠡᠢ ᠶᠠᠪᠤᠭᠳᠠᠬᠤ᠂ ᠡᠩᠨᠡᠭᠡ ᠰᠠᠷᠨᠢᠬᠤ ᠦᠭᠡᠢ᠂ ᠡᠷᠴᠢ ᠵᠣᠷᠢᠭ ᠰᠤᠯᠠᠷᠠᠬᠤ ᠦᠭᠡᠢ ᠪᠠᠶᠢᠬᠤ ᠶᠢ ᠪᠡᠶᠡᠯᠡᠭᠦᠯᠵᠦ᠂ ᠪᠦᠬᠦ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠡᠮᠬᠢ ᠵᠢᠷᠤᠮ ᠲᠠᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3