ᠤᠯᠠᠭᠠᠨᠴᠠᠪ ᠤᠨ ᠱᠠᠩᠳᠤ ᠰᠢᠶᠠᠨ ᠤ 150 ᠲᠦᠮᠡᠨ ᠬᠢᠯᠦᠸᠠᠲ ᠤᠨ ᠬᠡᠷᠡᠯ ᠴᠡᠨᠡᠭ ᠤᠨ ᠡᠪᠡᠰᠦᠨ ᠤ ᠦᠢᠯᠡᠰ ᠤᠨ ᠲᠥᠷᠥᠯ  ᠵᠦᠢᠯ ᠤᠨ ᠲᠤᠤᠷ ᠵᠠᠯᠭᠠᠬᠤ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/3/22
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︾ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠥᠪᠥᠷ ᠮᠣᠩᠭᠤᠯ ᠤᠨ ᠰᠢᠤᠢ ᠬᠤᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ ᠳᠤ ᠨᠠᠶᠢᠳᠠᠵᠤ ᠤᠯᠠᠭᠠᠨᠴᠠᠪ ᠤᠨ ᠱᠠᠩᠳᠤ ᠰᠢᠶᠠᠨ ᠤ 150 ᠲᠦᠮᠡᠨ ᠺᠢᠯᠣᠸᠠᠲ ᠤᠨ ᠬᠡᠷᠡᠯ ᠴᠡᠨᠡᠭ ᠤᠨ ᠡᠪᠡᠰᠦᠨ ᠤ ᠦᠢᠯᠡᠰ ᠤᠨ ᠲᠥᠷᠥᠯ ᠵᠦᠢᠯ ᠤᠨ ᠲᠣᠤᠷ ᠲᠤ ᠵᠠᠯᠭᠠᠬᠤ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠨ᠎ᠡ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠢᠯᠡ ᠨᠡᠶᠢᠲᠡᠯᠡᠶ᠎ᠡ᠃      ᠨᠢᠭᠡ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠨᠡᠷᠡᠶᠢᠳᠦᠯ      ᠤᠯᠠᠭᠠᠨᠴᠠᠪ ᠤᠨ ᠱᠠᠩᠳᠤ ᠰᠢᠶᠠᠨ ᠤ 150 ᠲᠦᠮᠡᠨ ᠺᠢᠯᠣᠸᠠᠲ ᠤᠨ ᠬᠡᠷᠡᠯ ᠴᠡᠨᠡᠭ ᠤᠨ ᠡᠪᠡᠰᠦᠨ ᠤ  ᠦᠢᠯᠡᠰ ᠤᠨ ᠲᠥᠷᠥᠯ ᠵᠦᠢᠯ ᠤᠨ ᠲᠣᠤᠷ ᠲᠤ ᠵᠠᠯᠭᠠᠬᠤ ᠢᠨᠵᠧᠨᠧᠷᠢᠩ      ᠬᠤᠶᠠᠷ᠂ ᠪᠠᠷᠢᠯᠭ᠎ᠠ ᠶᠢᠨ ᠲᠦᠢᠮᠣ ᠪᠠᠶᠢᠳᠠᠯ      1. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ      2. ᠲᠥᠷᠥᠯ ᠵᠦᠢᠯ ᠤᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠬᠤ      3. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠱᠠᠩᠳᠤ ᠰᠢᠶᠠᠨ ᠵᠢᠴᠢ ᠰᠢᠩ ᠾᠧ ᠰᠢᠶᠠᠨ ᠤ ᠬᠢᠯᠢ ᠳᠣᠲᠣᠷ᠎ᠠ᠂ ᠰᠢᠩ ᠾᠧ ᠰᠢᠶᠠᠨ ᠤ  ᠰᠠᠶᠢᠬᠤᠰᠤ ᠪᠠᠯᠭᠠᠰᠤᠨ ᠤ ᠯᠢᠨ ᠬᠥ᠋ ᠳ᠋ᠢ ᠲᠣᠰᠬᠤᠨ ᠳᠤ ᠬᠤᠯᠪᠣᠭᠳᠠᠬᠤ ᠵᠠᠮ ᠱᠤᠭᠤᠮ ᠤᠨ ᠤᠷᠲᠤ ᠶᠢᠨ ᠬᠡᠮᠵᠢᠶ᠎ᠡ ᠨᠢ ᠪᠠᠷᠤᠭ 2.378 km ᠪᠠᠶᠢᠵᠤ᠂ ᠰᠢᠨ᠎ᠡ ᠪᠠᠷ ᠪᠠᠶᠢᠭᠤᠯᠤᠭᠰᠠᠨ ᠰᠤᠪᠤᠷᠭ᠎ᠠ ᠶᠢᠨ ᠰᠠᠭᠤᠷᠢ 9 ᠪᠠᠶᠢᠨ᠎ᠠ᠃      4. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ᠄      ︵1︶ 1# ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠡᠪᠳᠡᠷᠬᠡᠶ ᠠᠮᠠᠰᠠᠷ ᠢ ᠬᠠᠨᠬᠠᠶ ᠠᠴᠠ  ᠪᠦᠯᠬᠦᠮᠳᠡᠯ ᠬᠦᠷᠲᠡᠯᠡᠬᠢ 220kV ᠱᠤᠭᠤᠮ ︵220kV ᠬᠠᠨ  ᠪᠦᠯᠬᠦᠮᠳᠡᠯ ᠱᠤᠭᠤᠮ ᠤᠨ π ᠶᠢ 1# ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠱᠤᠭᠤᠮ ᠳᠤ ᠣᠷᠣᠭᠤᠯᠤᠨ᠎ᠠ︶ ᠳᠤ ᠵᠠᠯᠭᠠᠵᠤ ᠣᠷᠣᠭᠤᠯᠤᠨ᠎ᠠ ︵220kV ᠬᠠᠨ  ᠪᠦᠯᠬᠦᠮᠳᠡᠯ ᠱᠤᠭᠤᠮ ᠤᠨ π ᠶᠢ ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠱᠤᠭᠤᠮ ᠳᠤ ᠣᠷᠣᠭᠤᠯᠤᠨ᠎ᠠ︶      ᠰᠢᠨ᠎ᠡ ᠪᠠᠷ ᠪᠠᠶᠢᠭᠤᠯᠬᠤ ᠵᠠᠮ ᠱᠤᠭᠤᠮ ᠤᠨ ᠡᠬᠢᠯᠡᠯᠲᠡ ᠶᠢᠨ ᠴᠡᠭ ᠨᠢ 1# ᠬᠦᠴᠦᠳᠡᠯ ᠳᠡᠭᠡᠭᠰᠢᠯᠡᠭᠦᠯᠬᠦ ᠥᠷᠲᠡᠭᠡ ᠪᠠᠶᠢᠵᠤ᠂ ᠡᠴᠦᠰ ᠤᠨ ᠴᠡᠭ ᠨᠢ 220kV ᠶᠢᠨ ᠬᠠᠨ ᠤᠯᠤᠰ ᠤᠨ ᠪᠥᠭᠡᠮ ᠤᠨ ᠱᠤᠭᠤᠮ 26 ~ 27 ᠳ᠋ᠤᠭᠠᠷ ᠳᠡᠰ ᠤᠨ π ᠶᠢᠨ ᠵᠠᠯᠭᠠᠰᠤ ᠴᠡᠭ ᠪᠠᠶᠢᠵᠤ᠂ ᠪᠥᠬᠦ ᠵᠠᠮ ᠤᠨ ᠪᠥᠬᠦ ᠣᠷᠳᠣ ᠨᠢ ᠪᠠᠷᠤᠭ 25km᠂ ᠮᠤᠷᠤᠶ ᠰᠠᠷᠤᠶ ᠢᠯᠡᠳᠬᠡᠮᠵᠢ ᠨᠢ 1.34 ᠪᠠᠶᠢᠵᠤ᠂ ᠨᠢᠭᠡ ᠰᠤᠪᠤᠷᠭ᠎ᠠ ᠶᠢᠨ ᠬᠤᠤᠰ ᠪᠤᠴᠠᠯ ᠵᠠᠮ ᠢᠶᠠᠷ ᠲᠠᠲᠠᠵᠤ᠂ ᠬᠡᠰᠡᠭ ᠭᠠᠵᠠᠷ ᠨᠢ 500kV ᠬᠠᠨ ᠬᠥ᠋ I ᠶᠢ ᠥᠷᠥᠮᠳᠡᠨ ᠳᠠᠪᠠᠵᠤ᠂ II ᠪᠤᠴᠠᠯ ᠱᠤᠭᠤᠮ ᠤᠨ ᠬᠡᠰᠡᠭ ᠲᠤ ᠲᠠᠩ ᠪᠤᠴᠠᠯ ᠵᠠᠮ ᠢᠶᠠᠷ ᠲᠠᠲᠠᠵᠤ ᠲᠣᠬᠢᠷᠠᠭᠤᠯᠤᠨ᠎ᠠ᠃  ᠳᠠᠮᠵᠢᠭᠤᠯᠤᠭᠴᠢ ᠤᠲᠠᠰᠤᠨ ᠤ ᠬᠡᠯᠪᠡᠷᠢ ᠮᠠᠶ᠋ᠢᠭ ᠨᠢ ᠴᠥᠮ 2 × JL/G1A-240/30 ᠪᠤᠯᠤᠳ ᠭᠤᠣᠯᠲᠤ ᠬᠥᠩᠭᠡᠨᠴᠠᠭᠠᠨ ᠤ ᠣᠷᠢᠶᠠᠮᠠᠯ ᠤᠲᠠᠰᠤ ᠪᠣᠯᠤᠨ᠎ᠠ᠃ ᠪᠦᠬᠦ ᠱᠤᠭᠤᠮ ᠢᠶᠠᠷ ᠢᠶᠠᠨ ᠱᠠᠩᠳᠤ ᠰᠢᠶᠠᠨ ᠤ ᠴᠢ ᠲᠠᠢ ᠪᠠᠯᠭᠠᠰᠤ᠂ ᠰᠢᠶᠤᠤ ᠬᠠᠶ ᠽᠢ ᠪᠠᠯᠭᠠᠰᠤ ᠵᠢᠴᠢ ᠰᠠᠨ ᠳ᠋ᠠ ᠴᠢᠩ ᠰᠢᠶᠠᠩ ᠢᠶᠠᠷ ᠥᠩᠭᠡᠷᠡᠨ᠎ᠡ᠃ ᠵᠠᠮ ᠱᠤᠭᠤᠮ ᠤᠨ ᠡᠷᠭᠢᠯᠲᠡ ᠶᠢᠨ ᠥᠨᠴᠥᠭ ᠨᠢ 18 ᠤᠳᠠᠭ᠎ᠠ ᠪᠠᠶᠢᠵᠤ᠂ ᠵᠠᠮ ᠳᠠᠭᠠᠤ ᠨᠢ ᠳᠠᠯᠠᠶ ᠶᠢᠨ ᠲᠦᠪᠰᠢᠨ ᠠᠴᠠ 1300m-1400m ᠥᠨᠳᠥᠷ ᠪᠠᠶᠢᠳᠠᠭ᠃      ︵2︶ 2# ᠬᠦᠴᠦᠳᠡᠯ ᠳᠡᠭᠡᠭᠰᠢᠯᠡᠭᠦᠯᠬᠦ ᠦᠷᠳᠡᠭᠡ ᠠᠴᠠ ᠴᠠᠩ ᠱᠧᠩ ︵ᠯᠦ ᠠᠨ︶ ᠳᠤ ᠬᠦᠷᠬᠦ 220kV ᠬᠦᠴᠦᠳᠡᠯ ᠥᠭᠡᠷᠡᠴᠢᠯᠡᠬᠦ ᠦᠷᠳᠡᠭᠡ ᠶᠢᠨ ᠬᠡᠯᠬᠢᠶ᠎ᠡ      ᠰᠢᠨ᠎ᠡ ᠪᠠᠷ ᠪᠠᠶᠢᠭᠤᠯᠤᠭᠰᠠᠨ ᠱᠤᠭᠤᠮ ᠤᠨ ᠡᠬᠢᠯᠡᠯᠲᠡ ᠶᠢᠨ ᠴᠡᠭ ᠨᠢ 2# ᠬᠦᠴᠦᠳᠡᠯ ᠳᠡᠭᠡᠭᠰᠢᠯᠡᠭᠦᠯᠬᠦ ᠦᠷᠳᠡᠭᠡ᠂ ᠡᠴᠦᠰ ᠤᠨ ᠴᠡᠭ ᠨᠢ ᠴᠠᠩ ᠱᠧᠩ ︵ᠯᠦ ᠠᠨ︶ 220kV ᠬᠦᠴᠦᠳᠡᠯ ᠥᠭᠡᠷᠡᠴᠢᠯᠡᠬᠦ ᠦᠷᠳᠡᠭᠡ᠂ ᠪᠦᠬᠦ ᠱᠤᠭᠤᠮ ᠤᠨ ᠶᠡᠷᠦᠩᠬᠡᠢ ᠤᠷᠳᠤ ᠨᠢ 33km᠂ ᠮᠤᠷᠦ᠋ᠢᠯᠲᠠ ᠶᠢᠨ ᠢᠯᠡᠳᠬᠡᠮᠵᠢ ᠨᠢ 1.39 ᠪᠠᠶᠢᠵᠤ᠂ ᠲᠠᠩ ᠢᠶᠠᠷ ᠨᠢ ᠪᠤᠴᠠᠭᠠᠨ ᠲᠠᠲᠠᠨ᠎ᠠ᠃ ᠳᠠᠮᠵᠢᠭᠤᠯᠤᠭᠴᠢ ᠤᠲᠠᠰᠤᠨ ᠤ ᠬᠡᠯᠪᠡᠷᠢ ᠮᠠᠶ᠋ᠢᠭ ᠨᠢ ᠴᠥᠮ 2 × JL/G1A-630/45 ᠪᠤᠯᠤᠳ ᠭᠤᠣᠯᠲᠤ ᠬᠥᠩᠭᠡᠨᠴᠠᠭᠠᠨ ᠤ ᠣᠷᠢᠶᠠᠮᠠᠯ ᠤᠲᠠᠰᠤ ᠪᠣᠯᠤᠨ᠎ᠠ᠃ ᠪᠦᠬᠦ ᠱᠤᠭᠤᠮ ᠢᠶᠠᠷ ᠢᠶᠠᠨ ᠱᠠᠩᠳᠤ ᠰᠢᠶᠠᠨ ᠤ ᠱᠢ ᠪᠠ ᠴᠢᠩ ᠪᠠᠯᠭᠠᠰᠤ᠂ ᠴᠢ ᠲᠠᠢ ᠪᠠᠯᠭᠠᠰᠤ᠂ ᠰᠢᠶᠤᠤ ᠬᠠᠶ ᠽᠢ ᠪᠠᠯᠭᠠᠰᠤ ᠵᠢᠴᠢ ᠰᠠᠨ ᠳ᠋ᠠ ᠴᠢᠩ ᠰᠢᠶᠠᠩ ᠢᠶᠠᠷ ᠥᠩᠭᠡᠷᠡᠨ᠎ᠡ᠃ ᠱᠤᠭᠤᠮ ᠤᠨ ᠡᠷᠭᠢᠯᠲᠡ ᠶᠢᠨ ᠥᠨᠴᠥᠭ 30 ᠤᠳᠠᠭ᠎ᠠ᠃ ᠵᠠᠮ ᠳᠠᠭᠠᠤ ᠳᠠᠯᠠᠶ ᠶᠢᠨ ᠲᠦᠪᠰᠢᠨ ᠠᠴᠠ 1300m-1400m ᠡᠷᠭᠦᠭᠳᠡᠭᠰᠡᠨ ᠪᠠᠶᠢᠨ᠎ᠠ᠃      ︵3︶ 3# ᠬᠦᠴᠦᠳᠡᠯ ᠳᠡᠭᠡᠭᠰᠢᠯᠡᠭᠦᠯᠬᠦ ᠥᠷᠲᠡᠭᠡ ᠠᠴᠠ 2# ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠱᠤᠭᠤᠮ      ᠰᠢᠨ᠎ᠡ ᠪᠠᠷ ᠪᠠᠶᠢᠭᠤᠯᠬᠤ ᠵᠠᠮ ᠱᠤᠭᠤᠮ ᠤᠨ ᠡᠬᠢᠯᠡᠯᠲᠡ ᠶᠢᠨ ᠴᠡᠭ ᠨᠢ 3# ᠬᠦᠴᠦᠳᠡᠯ ᠳᠡᠭᠡᠭᠰᠢᠯᠡᠭᠦᠯᠬᠦ ᠥᠷᠲᠡᠭᠡ᠂ ᠲᠡᠭᠦᠰᠬᠡᠯ ᠤᠨ ᠴᠡᠭ ᠨᠢ 2# ᠬᠦᠴᠦᠳᠡᠯ ᠳᠡᠭᠡᠭᠰᠢᠯᠡᠭᠦᠯᠬᠦ ᠥᠷᠲᠡᠭᠡ ᠪᠠᠶᠢᠵᠤ᠂ ᠪᠥᠬᠦ ᠵᠠᠮ ᠤᠨ ᠪᠥᠬᠦ ᠣᠷᠳᠣ ᠨᠢ ᠪᠠᠷᠤᠭ 15km᠂ ᠮᠤᠷᠤᠶ ᠰᠠᠷᠤᠶ ᠢᠯᠡᠳᠬᠡᠮᠵᠢ ᠨᠢ 1.74 ᠪᠠᠶᠢᠵᠤ᠂ ᠲᠠᠩ ᠪᠤᠴᠠᠭᠠᠨ ᠲᠠᠲᠠᠬᠤ ᠪᠣᠯᠤᠨ᠎ᠠ᠃ ᠳᠠᠮᠵᠢᠭᠤᠯᠤᠭᠴᠢ ᠤᠲᠠᠰᠤᠨ ᠤ ᠬᠡᠯᠪᠡᠷᠢ ᠮᠠᠶ᠋ᠢᠭ ᠨᠢ ᠴᠥᠮ 2 × JL/G1A-240/30 ᠪᠤᠯᠤᠳ ᠭᠤᠣᠯᠲᠤ ᠬᠥᠩᠭᠡᠨᠴᠠᠭᠠᠨ ᠤ ᠣᠷᠢᠶᠠᠮᠠᠯ ᠤᠲᠠᠰᠤ ᠪᠣᠯᠤᠨ᠎ᠠ᠃ ᠪᠦᠬᠦ ᠱᠤᠭᠤᠮ ᠢᠶᠠᠷ ᠢᠶᠠᠨ ᠰᠢᠶᠤᠤ ᠬᠠᠶ ᠽᠢ ᠪᠠᠯᠭᠠᠰᠤ ᠪᠠᠷ ᠥᠩᠭᠡᠷᠡᠨ᠎ᠡ᠃ ᠱᠤᠭᠤᠮ ᠤᠨ ᠡᠷᠭᠢᠯᠲᠡ ᠶᠢᠨ ᠥᠨᠴᠥᠭ 19 ᠤᠳᠠᠭ᠎ᠠ᠃      ᠭᠤᠷᠪᠠ᠂ ᠯᠠᠪᠯᠠᠨ ᠠᠰᠠᠭᠤᠬᠤ ᠵᠦᠢᠯᠡᠰ      ᠣᠯᠠᠨ ᠨᠡᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠭᠡᠪᠡᠯ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠲᠠᠢ ᠪᠤᠢ᠃      ᠳᠥᠷᠪᠡ᠂ ᠢᠯᠡ ᠨᠡᠶᠢᠲᠡᠯᠡᠬᠦ ᠲᠣᠳᠣᠷᠬᠠᠶᠢᠯᠠᠯᠲᠠ      1. ᠲᠤᠰ ᠤᠳᠠᠭᠠᠨ ᠤ ᠤᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠦᠳᠠᠨ ᠵᠦᠢᠯ ᠵᠡᠷᠭᠡ ᠪᠢᠴᠢᠭ ᠤᠨ ᠬᠡᠯᠪᠡᠷᠢ ᠪᠠᠷ ᠪᠦᠳᠦᠭᠡᠨ ᠪᠠᠶᠢᠭᠤᠯᠬᠤ ᠨᠢᠭᠡᠴᠢ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠲᠠᠢ ᠬᠠᠷᠢᠯᠴᠠᠵᠤ ᠪᠣᠯᠤᠨ᠎ᠠ᠃      2. ᠨᠡᠶᠢᠲᠡ ᠳᠤ ᠵᠠᠷᠯᠠᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠶᠤ ᠨᠠᠶᠢᠳᠠᠯᠭ᠎ᠠ ᠬᠦᠯᠢᠶᠡᠭᠰᠡᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ ᠦᠢᠯᠡᠴᠢᠯᠡᠭᠡ ᠬᠠᠩᠭᠠᠨ᠎ᠠ᠃      3. ᠪᠦᠳᠤᠭᠡᠨ ᠪᠠᠶᠢᠭᠤᠯᠤᠯᠲᠠ ᠶᠢᠨ ᠵᠦᠢᠯᠡᠰ ᠲᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠠᠯ᠎ᠠ ᠪᠠᠷ ᠬᠢ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠤᠯᠠᠨ ᠨᠡᠶᠢᠲᠡ ᠶᠢᠨ ᠰᠠᠨᠠᠭᠤᠯᠭ᠎ᠠ ᠪᠤᠶᠤ ᠰᠠᠨᠠᠯ ᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠪᠦᠳᠤᠭᠡᠨ ᠪᠠᠶᠢᠭᠤᠯᠤᠯᠲᠠ ᠶᠢᠨ ᠵᠦᠢᠯᠡᠰ ᠤᠨ ᠨᠢᠭᠡᠴᠢ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠤᠨ ᠭᠠᠷᠭᠠᠵᠤ ᠪᠣᠯᠤᠨ᠎ᠠ᠃      4.  2024 ᠣᠨ ᠤ 3 ᠰᠠᠷ᠎ᠠ ᠶᠢᠨ 20 ᠤ ᠡᠳᠦᠷ - 2024 ᠣᠨ ᠤ 4 ᠰᠠᠷ᠎ᠠ ᠶᠢᠨ 4 ᠤ ᠡᠳᠦᠷ      ᠲᠠᠪᠤ᠂ ᠬᠡᠷᠡᠭᠵᠢᠭᠦᠯᠬᠦ ᠨᠢᠭᠡᠴᠡ ᠵᠢᠴᠢ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ      1. ᠬᠡᠷᠡᠭᠵᠢᠭᠦᠯᠬᠦ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ      ᠬᠠᠷᠢᠯᠴᠠᠬᠤ ᠬᠥᠮᠦᠨ᠄ ᠰᠢᠤᠸᠠᠢ ᠶᠤᠸᠠᠨ   ᠬᠠᠷᠢᠯᠴᠠᠬᠤ ᠤᠲᠠᠰᠤ᠄ 15344230111      2. ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᠰᠢᠤᠢ ᠬᠤᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠵᠠᠭᠠᠷᠲᠤ ᠺᠣᠮᠫᠠᠨᠢ      ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠶᠦᠩ ᠲᠠᠢ ᠬᠤᠲᠠ ᠶᠢᠨ ᠠᠯᠪᠠᠯᠠᠬᠤ ᠠᠰᠠᠷ ᠤᠨ D ᠰᠠᠭᠤᠳᠠᠯ ᠤᠨ 17A ᠳᠠᠪᠬᠤᠷᠭ᠎ᠠ      ᠬᠠᠷᠢᠯᠴᠠᠬᠤ ᠬᠥᠮᠦᠨ᠄ ᠯᠢᠦ ᠭᠤᠤ ᠹᠸᠢ  ᠬᠠᠷᠢᠯᠴᠠᠬᠤ ᠤᠲᠠᠰᠤ᠄ 15248177076  ᠰᠢᠤᠳᠠᠨ ᠤ ᠬᠠᠶᠢᠷᠴᠠᠭ᠄ xhxmgl@163.com      ᠣᠨᠴᠠᠭᠠᠶᠢᠯᠠᠨ ᠵᠠᠷᠯᠠᠪᠠ      ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ                                2024 ᠣᠨ ᠤ 3 ᠰᠠᠷ᠎ᠠ ᠶᠢᠨ 20 ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3