ᠰᠢᠩ ᠾᠧ ᠰᠢᠶᠠᠨ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/24
     2023 ᠣᠨ ᠤ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠠᠮᠢᠲᠠᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠰᠢᠩ ᠾᠧ ᠰᠢᠶᠠᠨ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠠᠳᠬᠤᠵᠤ᠂ ᠡᠯ᠎ᠡ ᠰᠢᠶᠠᠩ ᠪᠠᠯᠭᠠᠰᠤᠨ ᠳᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠥᠷᠨᠢᠭᠦᠯᠵᠦ ᠂ ᠦᠨᠳᠦᠰᠦᠨ ᠡᠭᠡᠯᠢᠯᠡᠭᠡ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ︽ᠠᠮᠤᠷ ᠲᠦᠪᠰᠢᠨ ᠤ ᠲᠣᠤᠷ︾ ᠢ ᠪᠥᠬᠦ ᠲᠠᠯ᠎ᠠ ᠪᠠᠷ ᠪᠠᠬᠢᠵᠢᠭᠦᠯᠵᠦ᠂ ᠣᠨᠴᠠᠭᠠᠶ ᠴᠠᠭ ᠦᠶ᠎ᠡ ᠶᠢᠨ ᠮᠠᠯ ᠠᠵᠤ ᠠᠬᠤᠶ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠲᠡᠵᠢᠭᠡᠨ ᠦᠷᠡᠵᠢᠭᠦᠯᠬᠦ ︵ᠲᠠᠯᠠᠪᠠᠶ︶ ᠶᠢᠨ ᠡᠷᠦᠬᠡ ᠳᠤ ᠭᠦᠨᠵᠡᠭᠡᠶᠢᠷᠡᠬᠦ ᠪᠠᠷ ᠳᠠᠮᠵᠢᠭᠤᠯᠤᠨ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠠᠴᠠ ᠳᠠᠷᠠᠭᠠᠬᠢ ᠪᠣᠳᠠᠲᠠᠶ ᠪᠠᠶᠢᠳᠠᠯ ᠢ ᠤᠶᠢᠯᠠᠭᠠᠨ ᠡᠵᠡᠮᠰᠢᠵᠦ᠂ ᠢᠯᠠᠩᠭᠤᠶ᠎ᠠ ᠡᠭᠡᠯᠢᠯᠡᠭᠡ ᠶᠢᠨ ᠵᠢᠷᠤᠮ ᠶᠣᠰᠣᠭᠠᠷ ᠡᠭᠡᠯᠢᠯᠡᠭᠡ ᠶᠢᠨ ᠸᠠᠺᠼᠢᠨ ᠤ ᠲᠠᠷᠢᠯᠭ᠎ᠠ ᠬᠢᠭᠰᠡᠨ ᠦᠭᠡᠶ ᠵᠠᠷᠢᠮ ᠬᠢᠵᠢᠭ ᠢ ᠰᠡᠷᠭᠡᠶᠢᠯᠡᠬᠦ ᠬᠥᠮᠦᠰ ᠲᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠪᠠ ᠪᠣᠯᠪᠠᠰᠤᠷᠠᠭᠤᠯᠤᠯ ᠬᠢᠵᠡᠶ᠃ ᠡᠭᠦᠨ ᠠᠴᠠ ᠭᠠᠳᠠᠨ᠎ᠠ᠂ ᠪᠠᠰᠠ ᠡᠯ᠎ᠡ ᠰᠢᠶᠠᠩ ᠪᠠᠯᠭᠠᠰᠤᠨ ᠤ ᠮᠠᠯ ᠡᠮᠨᠡᠯᠭᠡ ᠶᠢᠨ ᠥᠷᠲᠡᠭᠡ ᠶᠢᠨ ᠸᠠᠺᠼᠢᠨ ᠢ ᠬᠠᠳᠠᠭᠠᠯᠠᠬᠤ ᠪᠠ ᠬᠢᠵᠢᠭ ᠢ ᠰᠡᠷᠭᠡᠶᠢᠯᠡᠬᠦ ᠲᠥᠬᠦᠭᠡᠷᠦᠮᠵᠢ ᠶᠢ ᠪᠠᠶᠢᠴᠠᠭᠠᠵᠤ᠂ ᠸᠠᠺᠼᠢᠨ ᠢ ᠬᠠᠳᠠᠭᠠᠯᠠᠬᠤ ᠠᠷᠭ᠎ᠠ ᠵᠢᠷᠤᠮᠵᠢᠯ ᠦᠭᠡᠢ ᠠᠴᠠ ᠪᠣᠯᠵᠤ ᠸᠠᠺᠼᠢᠨ ᠤ ᠬᠦᠴᠦᠨ ᠦᠭᠡᠢ ᠪᠣᠯᠬᠤ ᠶᠢ ᠰᠡᠷᠭᠡᠶᠢᠯᠡᠪᠡ᠂ ᠡᠭᠦᠨ ᠤ ᠤᠯᠠᠮ ᠠᠴᠠ ᠬᠢᠵᠢᠭ ᠢ ᠰᠡᠷᠭᠡᠶᠢᠯᠡᠬᠦ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠶᠢ ᠨᠥᠯᠥᠭᠡᠯᠡᠭᠰᠡᠨ ᠪᠠᠶᠢᠨ᠎ᠠ᠃      ᠣᠳᠣᠬᠠᠨ ᠪᠣᠯᠲᠠᠯ᠎ᠠ ᠦᠬᠡᠷ ᠤᠨ ᠰᠢᠯᠦᠬᠡᠢ ᠡᠪᠡᠳᠴᠢᠨ ᠢ 6.5 ᠲᠦᠮᠡᠨ ᠲᠣᠯᠣᠭᠠᠶ ᠤᠳᠠᠭ᠎ᠠ ᠲᠠᠷᠢᠪᠠ︔ ᠬᠤᠨᠢ ᠢᠮᠠᠭᠠᠨ ᠤ ᠰᠢᠯᠦᠬᠡᠢ ᠡᠪᠡᠳᠴᠢᠨ ᠢ 47 ᠲᠦᠮᠡᠨ ᠲᠣᠯᠣᠭᠠᠶ ᠤᠳᠠᠭ᠎ᠠ ᠲᠠᠷᠢᠪᠠ︔ ᠬᠤᠨᠢᠨ ᠤ ᠬᠡᠪᠢᠬᠦ ᠡᠪᠡᠳᠴᠢᠨ ᠢ 36 ᠲᠦᠮᠡᠨ ᠲᠣᠯᠣᠭᠠᠶ ᠤᠳᠠᠭ᠎ᠠ ᠲᠠᠷᠢᠪᠠ︔ ᠭᠠᠭ᠋ᠠᠢ ᠶᠢᠨ ᠰᠢᠯᠦᠬᠡᠢ ᠡᠪᠡᠳᠴᠢᠨ ᠢ 6.5 ᠲᠦᠮᠡᠨ ᠲᠣᠯᠣᠭᠠᠶ ᠤᠳᠠᠭ᠎ᠠ ᠲᠠᠷᠢᠪᠠ︔ ᠲᠠᠬᠢᠶᠠᠨ ᠤ ᠵᠢᠭᠦᠷᠲᠡᠨ ᠤ ᠬᠠᠯᠳᠠᠪᠤᠷᠢᠲᠤ ᠲᠠᠭᠰᠢᠭᠤᠷ 21.7 ᠲᠦᠮᠡᠨ ᠤᠳᠠᠭ᠎ᠠ ᠲᠠᠷᠢᠪᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠨᠠᠮᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠤᠨ ᠠᠬᠢᠴᠠ ᠶᠢ ᠠᠬᠢᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠠᠲᠤ ᠪᠠᠬᠢ ᠪᠠᠶᠢᠭᠤᠯᠵᠤ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃               ᠢᠷᠡᠯᠲᠡ᠄  ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3