ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶ᠎ᠠ ᠣᠷᠣᠨ ᠳᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠪᠣᠷᠣᠯᠠᠭᠤᠯᠭ᠎ᠠ ᠶᠢᠨ ᠴᠡᠭ ᠢ ᠬᠢᠨᠠᠨ ᠪᠠᠶᠢᠴᠠᠭᠠᠵᠤ ᠡᠬᠢ ᠡᠭᠦᠰᠦᠯ ᠤᠨ ᠬᠠᠮᠢᠶᠠᠷᠤᠯᠲᠠ ᠶᠢᠨ ᠪᠣᠭᠤᠮᠲᠠ ᠶᠢ ᠴᠢᠩᠭ᠎ᠠ ᠠᠳᠬᠤᠪᠠ
ᠨᠡᠶᠢᠲᠡᠯᠡᠭᠰᠡᠨ ᠴᠠᠭ᠄
2024/3/25
     ᠴᠠᠬᠢᠯᠭᠠᠨ ᠬᠥᠳᠡᠯᠭᠡᠭᠦᠷᠲᠦ ᠲᠡᠷᠭᠡ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠠᠰᠠᠭᠤᠳᠠᠯ ᠲᠠᠢ︾ ᠮᠠᠰᠢᠨ ᠲᠡᠷᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠲᠠᠰᠤ ᠬᠤᠷᠢᠭᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠣᠭᠲᠠᠭᠠᠯ ᠢ ᠵᠥᠷᠢᠴᠡᠭᠰᠡᠨ ᠠᠴᠠ ᠪᠣᠯᠤᠭᠰᠠᠨ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 22᠎ ᠤᠨ ᠡᠳᠦᠷ᠂ ᠰᠢᠩ ᠾᠧ ᠶᠡᠭᠡ ᠪᠠᠷᠢᠭᠠᠳᠠ ᠬᠠᠷᠢᠶ᠎ᠠ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠫᠠᠶᠢᠰᠠ ᠲᠠᠢ ᠪᠣᠷᠣᠯᠠᠭᠤᠯᠭ᠎ᠠ ᠶᠢᠨ ᠲᠣᠤᠷ ᠴᠡᠭ ᠲᠤ ᠭᠦᠨᠵᠡᠭᠡᠶᠢᠷᠡᠨ ᠲᠥᠪᠯᠡᠷᠡᠭᠦᠯᠦᠨ ᠪᠠᠶᠢᠴᠠᠭᠠᠯᠲᠠ ᠬᠢᠪᠠ᠃      ᠠᠵᠢᠯ ᠤᠨ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶᠠᠲᠤ ᠣᠷᠣᠨ ᠤ ᠣᠯᠠᠨ ᠴᠠᠬᠢᠯᠭᠠᠨ ᠬᠥᠳᠡᠯᠭᠡᠭᠦᠷᠲᠦ ᠲᠡᠷᠭᠡ ᠪᠣᠷᠣᠯᠠᠭᠤᠯᠬᠤ ᠬᠤᠳᠠᠯᠳᠤᠭᠠᠴᠢᠨ ᠳᠤ ᠨᠢᠭᠡᠳ ᠨᠢᠭᠡ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠲᠡᠭᠦᠨ ᠤ ᠪᠣᠷᠣᠯᠠᠭᠤᠯᠵᠤ ᠪᠠᠶᠢᠭ᠎ᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠶᠠᠰᠤ ᠴᠢᠨᠠᠷ᠂ ᠲᠡᠮᠳᠡᠭ᠂ ᠬᠢᠷᠢ ᠲᠡᠩᠴᠡᠭᠰᠡᠨ ᠦᠨᠡᠮᠯᠡᠯ ᠵᠢᠴᠢ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠤᠤᠯ ᠪᠣᠯᠬᠤ ᠮᠡᠷᠭᠡᠵᠢᠯ ᠤᠨ ᠪᠣᠯᠵᠣᠯ ᠳᠤ ᠲᠤᠭ᠎ᠠ ᠳᠤ ᠨᠠᠷᠢᠨ ᠪᠠᠶᠢᠴᠠᠭᠠᠯᠲᠠ ᠬᠢᠵᠡᠶ᠃ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠶ ᠭᠡᠵᠦ ᠱᠠᠭᠠᠷᠳᠠᠵᠤ᠂ ᠨᠡᠶᠢᠯᠡᠭᠦᠯᠵᠦ ᠤᠭᠰᠠᠷᠠᠬᠤ ᠲᠡᠷᠭᠡ᠂ ᠥᠭᠡᠷᠡᠴᠢᠯᠡᠨ ᠤᠭᠰᠠᠷᠠᠬᠤ ᠲᠡᠷᠭᠡ ᠵᠡᠷᠭᠡ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠶ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠵᠤ ᠪᠣᠯᠬᠤ ᠦᠭᠡᠶ᠂ ᠬᠤᠳᠠᠯᠳᠤᠬᠤ ᠦᠶ᠎ᠡ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠤᠷᠳᠤᠴᠠ ᠶᠢ ᠳᠤᠷ᠎ᠠ ᠪᠠᠷ ᠢᠶᠠᠨ ᠲᠣᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢᠶᠠᠷ ᠶᠠᠪᠤᠬᠤ ᠶᠢ ᠨᠥᠯᠥᠭᠡᠯᠡᠬᠦ ᠲᠥᠬᠦᠭᠡᠷᠦᠮᠵᠢ ᠨᠡᠮᠡᠵᠦ ᠤᠭᠰᠠᠷᠠᠬᠤ ᠶᠢ ᠴᠢᠩᠭ᠎ᠠ ᠴᠠᠭᠠᠵᠠᠯᠠᠨ᠎ᠠ᠂ ᠶᠡᠭᠡ ᠠᠩᠭᠢ ᠶᠢᠨ ᠠᠷᠠᠳ ᠤᠨ ᠴᠠᠭᠳᠠᠭ᠎ᠠ ᠪᠠᠰᠠ ᠨᠢᠭᠤᠷᠲᠠᠨ ᠲᠠᠶᠢᠯᠪᠤᠷᠢᠯᠠᠬᠤ ᠬᠡᠯᠪᠡᠷᠢ ᠪᠠᠷ ᠫᠠᠶᠢᠰᠠ ᠥᠬᠡᠶ᠂ ᠦᠨᠡᠮᠯᠡᠯ ᠥᠬᠡᠶ᠂ ᠪᠠᠷᠢᠮᠵᠢᠶ᠎ᠠ ᠠᠴᠠ ᠬᠡᠲᠦᠷᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠳᠤ ᠭᠠᠷᠴᠤ ᠶᠠᠪᠤᠬᠤ ᠶᠢᠨ ᠬᠤᠤᠷ ᠬᠥᠨᠥᠭᠡᠯ ᠢ ᠲᠠᠶᠢᠯᠪᠤᠷᠢᠯᠠᠬᠤ ᠶᠢᠨ ᠬᠠᠮᠲᠤ ᠲᠡᠷᠭᠡ ᠬᠤᠳᠠᠯᠳᠤᠨ ᠠᠪᠬᠤ ᠣᠯᠠᠨ ᠲᠦᠮᠡᠨ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠰᠠᠭᠤᠪᠠᠯ ᠠᠮᠤᠷ ᠲᠦᠪᠰᠢᠨ ᠤ ᠳᠤᠭᠤᠯᠠᠭ᠎ᠠ ᠪᠠᠨ ᠰᠠᠶᠢᠲᠤᠷ ᠵᠡᠭᠦᠬᠦ ᠬᠡᠷᠡᠭᠲᠡᠶ᠂ ᠬᠥᠮᠦᠨ ᠤ ᠲᠤᠭ᠎ᠠ ᠠᠴᠠ ᠬᠡᠲᠦᠷᠡᠭᠦᠯᠦᠨ ᠵᠠᠮ ᠳᠤ ᠭᠠᠷᠴᠤ ᠶᠠᠪᠤᠬᠤ ᠶᠢ ᠴᠠᠭᠠᠵᠠᠯᠠᠨ᠎ᠠ ᠭᠡᠵᠦ ᠰᠠᠨᠠᠭᠤᠯᠪᠠ᠃      ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠷᠣᠯᠠᠭᠤᠯᠭ᠎ᠠ ᠶᠢᠨ ᠬᠦᠷᠢᠶ᠎ᠡ ᠴᠠᠷᠠᠭ᠎ᠠ ᠶᠢᠨ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠬᠦᠴᠦᠯᠡᠨ ᠠᠷᠢᠯᠭᠠᠵᠤ᠂ ᠬᠠᠤᠯᠢ ᠪᠤᠰᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠠᠮ ᠳᠤ ᠭᠠᠷᠭᠠᠵᠤ ᠶᠠᠪᠤᠭᠤᠯᠬᠤ ᠶᠢ ᠲᠠᠰᠤ ᠬᠤᠷᠢᠭᠯᠠᠵᠤ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3