ᠴᠠᠬᠢᠯᠭᠠᠨ ᠬᠥᠳᠡᠯᠭᠡᠭᠦᠷᠲᠦ ᠲᠡᠷᠭᠡ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ︽ᠠᠰᠠᠭᠤᠳᠠᠯ ᠲᠠᠢ︾ ᠮᠠᠰᠢᠨ ᠲᠡᠷᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠲᠠᠰᠤ | ᠬᠤᠷᠢᠭᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠣᠭᠲᠠᠭᠠᠯ ᠢ ᠵᠥᠷᠢᠴᠡᠭᠰᠡᠨ ᠠᠴᠠ ᠪᠣᠯᠤᠭᠰᠠᠨ ᠵᠠᠮ | ᠬᠠᠷᠢᠯᠴᠠᠭᠠᠨ ᠤ ᠠᠳᠡᠯ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 22 ᠤᠨ ᠡᠳᠦᠷ᠂ ᠰᠢᠩ | ᠾᠧ ᠶᠡᠭᠡ ᠪᠠᠷᠢᠭᠠᠳᠠ ᠬᠠᠷᠢᠶ᠎ᠠ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠫᠠᠶᠢᠰᠠ ᠲᠠᠢ | ᠪᠣᠷᠣᠯᠠᠭᠤᠯᠭ᠎ᠠ ᠶᠢᠨ ᠲᠣᠤᠷ ᠴᠡᠭ ᠲᠤ ᠭᠦᠨᠵᠡᠭᠡᠶᠢᠷᠡᠨ ᠲᠥᠪᠯᠡᠷᠡᠭᠦᠯᠦᠨ ᠪᠠᠶᠢᠴᠠᠭᠠᠯᠲᠠ ᠬᠢᠪᠠ᠃ | ᠠᠵᠢᠯ ᠤᠨ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶᠠᠲᠤ ᠣᠷᠣᠨ ᠤ ᠣᠯᠠᠨ ᠴᠠᠬᠢᠯᠭᠠᠨ | ᠬᠥᠳᠡᠯᠭᠡᠭᠦᠷᠲᠦ ᠲᠡᠷᠭᠡ ᠪᠣᠷᠣᠯᠠᠭᠤᠯᠬᠤ ᠬᠤᠳᠠᠯᠳᠤᠭᠠᠴᠢᠨ ᠳᠤ ᠨᠢᠭᠡᠳ ᠨᠢᠭᠡ ᠪᠠᠷ ᠠᠮᠤᠷ ᠲᠦᠪᠰᠢᠨ ᠤ | ᠪᠠᠶᠢᠴᠠᠭᠠᠯᠲᠠ ᠬᠢᠵᠦ᠂ ᠲᠡᠭᠦᠨ ᠤ ᠪᠣᠷᠣᠯᠠᠭᠤᠯᠵᠤ ᠪᠠᠶᠢᠭ᠎ᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠶᠠᠰᠤ ᠴᠢᠨᠠᠷ᠂ | ᠲᠡᠮᠳᠡᠭ᠂ ᠬᠢᠷᠢ ᠲᠡᠩᠴᠡᠭᠰᠡᠨ ᠦᠨᠡᠮᠯᠡᠯ ᠵᠢᠴᠢ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠤᠤᠯ ᠪᠣᠯᠬᠤ ᠮᠡᠷᠭᠡᠵᠢᠯ ᠤᠨ | ᠪᠣᠯᠵᠣᠯ ᠳᠤ ᠲᠤᠭ᠎ᠠ ᠳᠤ ᠨᠠᠷᠢᠨ ᠪᠠᠶᠢᠴᠠᠭᠠᠯᠲᠠ ᠬᠢᠵᠡᠶ᠃ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠠᠤᠯᠢ | ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠶ ᠭᠡᠵᠦ ᠱᠠᠭᠠᠷᠳᠠᠵᠤ᠂ ᠨᠡᠶᠢᠯᠡᠭᠦᠯᠵᠦ | ᠤᠭᠰᠠᠷᠠᠬᠤ ᠲᠡᠷᠭᠡ᠂ ᠥᠭᠡᠷᠡᠴᠢᠯᠡᠨ ᠤᠭᠰᠠᠷᠠᠬᠤ ᠲᠡᠷᠭᠡ ᠵᠡᠷᠭᠡ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠶ | ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠵᠤ ᠪᠣᠯᠬᠤ ᠦᠭᠡᠶ᠂ ᠬᠤᠳᠠᠯᠳᠤᠬᠤ ᠦᠶ᠎ᠡ ᠳᠤ ᠴᠠᠬᠢᠯᠭᠠᠨ | ᠬᠥᠳᠡᠯᠭᠡᠭᠦᠷᠲᠦ ᠲᠡᠷᠭᠡᠨ ᠤ ᠬᠤᠷᠳᠤᠴᠠ ᠶᠢ ᠳᠤᠷ᠎ᠠ ᠪᠠᠷ ᠢᠶᠠᠨ ᠲᠣᠬᠢᠷᠠᠭᠤᠯᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠢᠶᠠᠷ ᠶᠠᠪᠤᠬᠤ ᠶᠢ ᠨᠥᠯᠥᠭᠡᠯᠡᠬᠦ ᠲᠥᠬᠦᠭᠡᠷᠦᠮᠵᠢ ᠨᠡᠮᠡᠵᠦ ᠤᠭᠰᠠᠷᠠᠬᠤ ᠶᠢ ᠴᠢᠩᠭ᠎ᠠ ᠴᠠᠭᠠᠵᠠᠯᠠᠨ᠎ᠠ᠂ ᠶᠡᠭᠡ | ᠠᠩᠭᠢ ᠶᠢᠨ ᠠᠷᠠᠳ ᠤᠨ ᠴᠠᠭᠳᠠᠭ᠎ᠠ ᠪᠠᠰᠠ ᠨᠢᠭᠤᠷᠲᠠᠨ ᠲᠠᠶᠢᠯᠪᠤᠷᠢᠯᠠᠬᠤ ᠬᠡᠯᠪᠡᠷᠢ ᠪᠠᠷ ᠫᠠᠶᠢᠰᠠ ᠥᠬᠡᠶ᠂ ᠦᠨᠡᠮᠯᠡᠯ | ᠥᠬᠡᠶ᠂ ᠪᠠᠷᠢᠮᠵᠢᠶ᠎ᠠ ᠠᠴᠠ ᠬᠡᠲᠦᠷᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠳᠤ ᠭᠠᠷᠴᠤ ᠶᠠᠪᠤᠬᠤ ᠶᠢᠨ | ᠬᠤᠤᠷ ᠬᠥᠨᠥᠭᠡᠯ ᠢ ᠲᠠᠶᠢᠯᠪᠤᠷᠢᠯᠠᠬᠤ ᠶᠢᠨ ᠬᠠᠮᠲᠤ ᠲᠡᠷᠭᠡ ᠬᠤᠳᠠᠯᠳᠤᠨ ᠠᠪᠬᠤ ᠣᠯᠠᠨ ᠲᠦᠮᠡᠨ ᠳᠤ ᠴᠠᠬᠢᠯᠭᠠᠨ | ᠬᠥᠳᠡᠯᠭᠡᠭᠦᠷᠲᠦ ᠲᠡᠷᠭᠡᠨ ᠳᠤ ᠰᠠᠭᠤᠪᠠᠯ ᠠᠮᠤᠷ ᠲᠦᠪᠰᠢᠨ ᠤ ᠳᠤᠭᠤᠯᠠᠭ᠎ᠠ ᠪᠠᠨ ᠰᠠᠶᠢᠲᠤᠷ ᠵᠡᠭᠦᠬᠦ ᠬᠡᠷᠡᠭᠲᠡᠶ᠂ | ᠬᠥᠮᠦᠨ ᠤ ᠲᠤᠭ᠎ᠠ ᠠᠴᠠ ᠬᠡᠲᠦᠷᠡᠭᠦᠯᠦᠨ ᠵᠠᠮ ᠳᠤ ᠭᠠᠷᠴᠤ ᠶᠠᠪᠤᠬᠤ ᠶᠢ ᠴᠠᠭᠠᠵᠠᠯᠠᠨ᠎ᠠ ᠭᠡᠵᠦ ᠰᠠᠨᠠᠭᠤᠯᠪᠠ᠃ | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ | ᠲᠡᠷᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠷᠣᠯᠠᠭᠤᠯᠭ᠎ᠠ ᠶᠢᠨ ᠬᠦᠷᠢᠶ᠎ᠡ ᠴᠠᠷᠠᠭ᠎ᠠ ᠶᠢᠨ | ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ | ᠬᠦᠴᠦᠯᠡᠨ ᠠᠷᠢᠯᠭᠠᠵᠤ᠂ ᠬᠠᠤᠯᠢ ᠪᠤᠰᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠠᠮ ᠳᠤ ᠭᠠᠷᠭᠠᠵᠤ ᠶᠠᠪᠤᠭᠤᠯᠬᠤ ᠶᠢ | ᠲᠠᠰᠤ ᠬᠤᠷᠢᠭᠯᠠᠵᠤ᠂ ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ | ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |