ᠭᠠᠪᠢᠶ᠎ᠠ ᠪᠠᠶᠢᠭᠤᠯᠤᠭᠰᠠᠨ ᠪᠠᠶᠠᠷ ᠢ ᠭᠡᠷ ᠲᠡᠭᠡᠨ ᠬᠦᠷᠭᠡᠵᠦ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠪᠠᠷ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/3/25
     3 ᠰᠠᠷ᠎ᠠ ᠶᠢᠨ 21 ᠤ ᠡᠳᠦᠷ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠶᠠᠮᠤᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠴᠧᠩ ᠭᠤᠸᠠᠨ ᠵᠧᠨ ᠨᠡᠶᠢᠭᠡᠮ ᠲᠣᠭᠤᠷᠢᠭ ᠵᠡᠷᠭᠡ ᠬᠤᠯᠪᠣᠭᠳᠠᠯ ᠪᠦᠬᠦᠢ ᠨᠢᠭᠡᠴᠡ ᠲᠠᠢ ᠬᠠᠮᠲᠤᠷᠠᠨ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠᠨ ᠴᠡᠷᠢᠭ ᠤᠨ ᠭᠡᠷ ᠪᠦᠯᠢ ᠶᠢ ᠲᠣᠬᠤᠨᠢᠭᠤᠯᠤᠭᠰᠠᠨ ᠪᠥᠭᠡᠳ ᠲᠡᠳᠡᠨ ᠳᠤ ᠪᠠᠶᠠᠷ ᠤᠨ ᠮᠡᠳᠡᠭᠡ ᠪᠣᠯᠤᠨ ᠲᠣᠬᠤᠨᠢᠭᠤᠯᠬᠤ ᠮᠥᠩᠭᠦ ᠬᠦᠷᠭᠡᠵᠡᠶ᠃
     ᠯᠢᠦ ᠶᠠᠩ᠂ ᠤᠳᠤ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠢᠭᠡᠨ ᠴᠡᠷᠢᠭ ᠠᠩᠬᠢ ᠳᠤ ᠠᠯᠪᠠ ᠬᠠᠭᠠᠵᠤ ᠪᠤᠢ᠂ 2012 ᠣᠨ ᠳᠤ ᠴᠡᠷᠢᠭ ᠲᠤ ᠣᠷᠣᠵᠤ᠂ ᠤᠷᠢᠳ ᠬᠤᠵᠢᠳ 3 ᠤᠳᠠᠭ᠎ᠠ ᠰᠢᠯᠢᠳᠡᠭ ᠪᠠᠶᠢᠯᠳᠤᠭᠴᠢ ᠶᠢ ᠬᠥᠬᠢᠭᠦᠯᠵᠦ᠂ 5 ᠤᠳᠠᠭ᠎ᠠ ᠬᠥᠬᠢᠭᠦᠯᠵᠦ᠂ ︽ᠲᠦᠷᠪᠡ ᠶᠢ ᠪᠦᠷᠢᠳᠦᠭᠦᠯᠦᠭᠰᠡᠨ︾ ᠰᠢᠯᠢᠳᠡᠭ ᠬᠤᠪᠢ ᠬᠥᠮᠦᠨ ᠢ 1 ᠤᠳᠠᠭ᠎ᠠ ᠬᠥᠬᠢᠭᠦᠯᠵᠦ᠂ 2023 ᠣᠨ ᠳᠤ ᠠᠵᠢᠯ ᠤᠨ ᠠᠮᠵᠢᠯᠲᠠ ᠲᠤᠪᠤᠶᠢᠮ᠎ᠠ ᠪᠠᠶᠢᠭᠰᠠᠨ ᠠᠴᠠ ᠪᠤᠯᠵᠤ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠪᠠ᠃
     ᠠᠵᠢᠯᠯᠠᠭ᠎ᠠ ᠶᠢᠨ ᠳᠤᠮᠳᠠ ᠲᠣᠬᠤᠨᠢᠭᠤᠯᠬᠤ ᠳᠤᠭᠤᠶᠢᠯᠠᠩ ᠤᠨ ᠬᠢᠨ ᠴᠡᠷᠢᠭ ᠤᠨ ᠬᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠴᠡᠷᠢᠭ ᠠᠩᠭᠢ ᠳᠤ ᠰᠢᠯᠢᠳᠡᠭ ᠴᠡᠷᠢᠭ ᠢ ᠬᠥᠮᠦᠵᠢᠭᠦᠯᠵᠦ ᠥᠭᠭᠦᠭᠰᠡᠨ ᠳᠤ ᠲᠠᠯᠠᠷᠬᠠᠪᠠ᠃ ᠯᠢᠦ ᠶᠠᠩ ᠨᠥᠬᠦᠷ ᠤᠨ ᠣᠯᠤᠭᠰᠠᠨ ᠠᠮᠵᠢᠯᠲᠠ ᠪᠦᠲᠦᠮᠵᠢ ᠪᠣᠯᠤᠨ ᠢᠷᠠᠭᠤ ᠠᠯᠳᠠᠷ ᠲᠤ ᠪᠠᠶᠠᠷ ᠬᠦᠷᠭᠡᠬᠦ ᠶᠢᠨ ᠬᠠᠮᠲᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠠᠨᠠᠭ᠎ᠠ ᠠᠮᠤᠷ ᠠᠯᠪᠠ ᠬᠠᠭᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠴᠡᠷᠢᠭ ᠤᠨ ᠬᠥᠮᠦᠨ ᠤ ᠤᠤᠷ ᠴᠢᠨᠠᠷ ᠢ ᠢᠯᠡᠷᠡᠭᠦᠯᠵᠦ᠂ ᠨᠤᠲᠤᠭ ᠤᠨ ᠠᠷᠠᠳ ᠲᠦᠮᠡᠨ ᠳᠤ ᠦᠩᠭᠡ ᠭᠡᠷᠡᠯ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠨᠢᠭᠡ ᠵᠢᠯ ᠤᠨ ᠬᠠᠪᠤᠷ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠴᠡᠷᠢᠭ ᠢᠶᠠᠨ ᠬᠦᠷᠢᠶᠡᠯᠡᠬᠦ ᠠᠵᠢᠯᠯᠠᠭ᠎ᠠ ᠶᠢ ᠤᠷᠢᠳ ᠢᠶᠠᠷ ᠬᠢᠪᠡ᠃ ᠭᠡᠷ ᠪᠦᠯᠢ ᠶᠢᠨ ᠬᠢᠨ ᠡᠨᠡᠬᠦ ᠢᠷᠠᠭᠤ ᠠᠯᠳᠠᠷ ᠢ ᠠᠴᠢᠶᠠᠯᠠᠭᠰᠠᠨ ᠪᠠᠶᠠᠷ ᠤᠨ ᠮᠡᠳᠡᠭᠡ ᠶᠢ ᠳᠤᠰᠴᠤ᠂ ᠴᠡᠷᠢᠭ ᠤᠨ ᠬᠥᠮᠦᠨ ᠤ ᠪᠠᠲᠤ ᠴᠢᠩᠭ᠎ᠠ ᠥᠮᠥᠭ ᠲᠦᠰᠢᠭ ᠢ ᠦᠷᠭᠦᠯᠵᠢᠯᠡᠨ ᠰᠠᠶᠢᠲᠤᠷ ᠬᠢᠵᠦ᠂ ᠬᠡᠦᠬᠡᠳ ᠤᠨ ᠴᠡᠷᠢᠭ ᠠᠩᠬᠢ ᠳᠤ ᠰᠠᠨᠠᠭ᠎ᠠ ᠠᠮᠤᠷ ᠠᠯᠪᠠ ᠬᠠᠭᠠᠵᠤ᠂ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠵᠤ᠂ ᠳᠠᠬᠢᠨᠲᠠ ᠰᠢᠯᠢᠳᠡᠭ ᠠᠮᠵᠢᠯᠲᠠ ᠤᠯᠬᠤ ᠪᠠᠷ ᠴᠢᠷᠮᠠᠶᠢᠬᠤ ᠶᠢ ᠵᠣᠷᠢᠭᠵᠢᠭᠤᠯᠤᠨ᠎ᠠ ᠭᠡᠵᠦ ᠢᠯᠡᠳᠬᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3