ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ᠄ ᠰᠠᠶᠢᠨ ᠳᠤᠷ᠎ᠠ ᠶᠢᠨ ᠤᠶᠢᠯᠡᠴᠢᠯᠡᠭᠡ ᠶᠢ ᠬᠠᠪᠰᠤᠷᠤᠨ ᠭᠦᠶ᠋ᠴᠡᠳᠬᠡᠵᠦ ᠠᠷᠠᠳ ᠤᠨ ᠬᠦᠴᠢᠷ ᠵᠣᠪᠠᠭᠤᠷᠢ ᠶᠢ ᠠᠷᠢᠯᠭᠠᠵᠤ ᠦᠨᠡᠨ ᠰᠡᠳᠬᠢᠯᠭᠡ ᠪᠠᠨ ᠳᠡᠪᠰᠢᠭᠦᠯᠦᠨ᠎ᠡ
ᠨᠡᠶᠢᠲᠡᠯᠡᠭᠰᠡᠨ ᠴᠠᠭ᠄
2024/3/25
     ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠤᠪᠴᠢᠶ᠎ᠡ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠬᠠᠪᠰᠤᠷᠤᠨ ᠭᠦᠢᠴᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠤᠯᠠᠨ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠬᠦ ᠳᠤ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠢᠳᠡᠪᠬᠢᠲᠡᠢ ᠪᠠᠷ ᠤᠯᠠᠨ ᠲᠦᠮᠡᠨ ᠳᠤ ᠲᠦᠭᠦᠮ ᠦᠵᠡᠭᠦᠯᠵᠦ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠨᠤᠮᠵᠢᠲᠠᠢ ᠪᠠᠶᠢᠳᠠᠯ ᠢ ︽ᠴᠤᠩᠬᠤᠪᠴᠢ︾ ᠠᠴᠠ ᠬᠥᠮᠦᠰ ᠤᠨ ᠰᠡᠳᠬᠢᠯ ᠳᠤ ᠬᠦᠷᠭᠡᠵᠡᠢ᠃
     ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠲᠠᠨ ᠢ ᠬᠠᠪᠰᠤᠷᠤᠨ ᠭᠦᠢᠴᠡᠳᠭᠡᠬᠦ ᠠᠯᠪᠠᠨ ᠬᠡᠷ︾ ᠤᠨ ᠲᠤᠰᠬᠠᠶ ᠲᠣᠭᠤᠷᠢᠭ ᠲᠤ ᠰᠤᠶᠢᠳᠭᠡᠯ ᠬᠤᠷᠢᠶᠠᠬᠤ ᠥᠬᠡᠶ ᠪᠠᠷ ᠳᠠᠷᠤᠮᠠᠯᠯᠠᠬᠤ ᠥᠪᠡᠰᠦᠪᠡᠨ ᠤᠶᠢᠯᠡᠴᠢᠯᠡᠬᠦ ᠴᠣᠩᠬᠤ ᠭᠠᠷᠭᠠᠵᠤ᠂ ᠮᠠᠲ᠋ᠧᠷᠢᠶᠠᠯ ᠳᠤᠲᠠᠭᠳᠠᠭᠰᠠᠨ᠂ ᠪᠢᠴᠢᠭ ᠮᠠᠲ᠋ᠧᠷᠢᠶᠠᠯ ᠢ ᠲᠠᠭᠯᠠᠭᠰᠠᠨ ᠨᠢ ᠲᠣᠭᠲᠠᠭᠠᠯ ᠳᠤ ᠨᠡᠶᠢᠴᠡᠬᠦ ᠥᠬᠡᠶ᠂ ᠪᠢᠴᠢᠭ ᠮᠠᠲ᠋ᠧᠷᠢᠶᠠᠯ ᠢ ᠳᠠᠷᠤᠮᠠᠯᠯᠠᠬᠤ ᠪᠠᠨ ᠮᠠᠷᠲᠠᠭᠰᠠᠨ ᠠᠵᠢᠯ ᠶᠠᠪᠤᠳᠠᠯ ᠭᠦᠶ᠋ᠴᠡᠳᠬᠡᠬᠦ ᠣᠯᠠᠨ ᠲᠦᠮᠡᠨ ᠳᠤ ᠴᠣᠩᠬᠤᠨ ᠤ ᠠᠵᠢᠯᠲᠠᠨ ᠠᠴᠠ ᠬᠠᠪᠰᠤᠷᠤᠨ  ᠭᠦᠢᠴᠡᠳᠭᠡᠵᠤ᠂ ᠠᠵᠢᠯ ᠶᠠᠪᠤᠳᠠᠯ ᠭᠦᠶ᠋ᠴᠡᠳᠬᠡᠬᠦ ᠣᠯᠠᠨ ᠲᠦᠮᠡᠨ ᠤ ᠳᠠᠷᠤᠮᠠᠯᠯᠠᠬᠤ ᠳᠤ ᠬᠦᠴᠢᠷ ᠠᠰᠠᠭᠤᠳᠠᠯ ᠢ ᠪᠦᠲᠦᠮᠵᠢᠲᠡᠶ  ᠰᠢᠢᠳᠪᠤᠷᠢᠯᠡᠭᠰᠡᠨ ᠪᠠᠶᠢᠨ᠎ᠠ᠃    ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠪᠰᠤᠷᠤᠨ ᠬᠢᠵᠦ ᠣᠷᠣᠯᠠᠨ ᠭᠦᠢᠴᠡᠳᠬᠡᠵᠦ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠲᠤᠰᠬᠠᠶ ᠴᠣᠩᠬᠤ ᠭᠠᠷᠭᠠᠵᠤ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠨᠢᠭᠡᠳᠦᠭᠡᠷ᠂ ᠬᠤᠶᠠᠳᠤᠭᠠᠷ ᠳᠠᠪᠬᠤᠷᠯᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠯ᠎ᠡ ᠴᠣᠩᠬᠤᠨ ᠳᠤ ᠤᠭᠰᠠᠷᠠᠭᠰᠠᠨ ︽ᠰᠠᠶᠢᠨ ᠮᠠᠭᠤ ᠶᠢ ᠦᠨᠡᠯᠡᠬᠦ︾ ᠦᠨᠡᠯᠡᠬᠦᠷ ᠨᠢ ᠠᠵᠤ ᠠᠬᠤᠶᠢᠯᠠᠯ ᠤᠨ ᠤᠯᠠᠨ ᠲᠦᠮᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠷᠠᠭᠰᠠᠨ ᠤ ᠳᠠᠷᠠᠭ᠎ᠠ ᠲᠤᠰ ᠤᠳᠠᠭ᠎ᠠ ᠶᠢᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠳᠤ ᠴᠠᠭ ᠲᠤᠬᠠᠢ ᠳᠤᠨᠢ ᠦᠨᠡᠯᠡᠯᠲᠡ ᠬᠢᠬᠦ ᠶᠢ ᠬᠠᠩᠭᠠᠵᠤ᠂ ︽ᠨᠢᠭᠡ ᠬᠡᠷᠡᠭ ᠢ ᠨᠢᠭᠡ ᠦᠨᠡᠯᠡᠬᠦ︾ ᠶᠢ ᠪᠡᠶᠡᠯᠡᠭᠦᠯᠵᠦ ᠂ 2023 ᠣᠨ ᠳᠤ᠂ ᠤᠯᠠᠨ ᠲᠦᠮᠡᠨ ᠳᠤ ᠨᠡᠶᠢᠳᠡ 2500 ᠭᠠᠷᠤᠢ ᠲᠦᠷᠦᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ︽ᠬᠠᠪᠰᠤᠷᠤᠨ ᠣᠷᠣᠯᠠᠨ ᠭᠦᠢᠴᠡᠳᠬᠡᠬᠦ︾ ᠤᠢᠢᠯᠠᠭᠠᠭᠳᠠᠬᠤᠨ ᠢ ᠡᠳᠦᠷ ᠲᠤᠳᠤᠮ ᠤᠨ ᠦᠢᠯᠡᠴᠢᠯᠡᠭᠡᠨ ᠳᠤ ᠠᠭᠤᠰᠤᠯᠴᠠᠭᠤᠯᠵᠤ᠂ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠵᠦ᠂ ᠤᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3