ᠰᠢᠩ ᠾᠧ ᠰᠢᠶᠠᠨ ᠤ ᠠᠵᠤ ᠦᠢᠯᠡᠰ ᠤᠨ ᠬᠦᠷᠢᠶᠡᠯᠡᠩ ᠤᠨ C ᠲᠣᠭᠤᠷᠢᠭ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠵᠦ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/3/26
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶᠎ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠰᠢᠩ ᠾᠧ ᠰᠢᠶᠠᠨ ᠤ ᠠᠵᠤ ᠦᠢᠯᠡᠰ ᠤᠨ ᠬᠦᠷᠢᠶᠡᠯᠡᠩ ᠤᠨ C ᠲᠣᠭᠤᠷᠢᠭ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠵᠦ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠬᠤᠷᠢᠶᠠᠨ ᠬᠤᠷᠢᠶᠠᠵᠤ ᠪᠠᠶᠢᠨ᠎ᠠ᠃      ᠨᠢᠭᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ      ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠤᠯᠠᠭᠠᠨᠴᠠᠪ ᠬᠤᠲᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠰᠢᠩ ᠾᠧ ᠠᠵᠤ ᠦᠢᠯᠡᠰ ᠤᠨ ᠬᠦᠷᠢᠶᠡᠯᠡᠩ ᠤᠨ C ᠲᠣᠭᠤᠷᠢᠭ ᠲᠤ ᠪᠠᠶᠢᠷᠢᠰᠢᠵᠤ᠂ 3 ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠵᠠᠮ ᠢ ᠪᠥᠲᠥᠭᠡᠨ ᠪᠠᠶᠢᠭᠤᠯᠵᠤ᠂ ᠵᠠᠮ ᠤᠨ ᠣᠷᠳᠣ ᠨᠢ 4491 ᠮᠧᠲᠷ᠂ ᠥᠷᠭᠡᠨ ᠨᠢ 54 ᠮᠧᠲᠷ᠂ ᠨᠣᠭᠤᠭᠠᠷᠠᠭᠤᠯᠤᠯᠲᠠ ᠵᠢᠴᠢ ᠪᠤᠰᠤᠳ ᠪᠡᠯᠡᠳᠬᠡᠮᠵᠢ ᠶᠢᠨ ᠣᠷᠳᠣ ᠨᠢ 4615 ᠮᠧᠲᠷ᠂ ᠥᠷᠥᠭᠡᠰᠦᠨ ᠲᠠᠯ᠎ᠠ ᠶᠢᠨ ᠥᠷᠭᠡᠨ ᠨᠢ 20 ᠮᠧᠲᠷ᠂ ᠵᠠᠮ ᠤᠨ ᠶᠡᠷᠦᠩᠬᠡᠶ ᠲᠠᠯᠠᠪᠠᠶ ᠨᠢ 25.0881 ᠾᠧᠺᠲ᠋ᠠᠷ᠂ ᠨᠣᠭᠤᠭᠠᠷᠠᠭᠤᠯᠤᠯᠲᠠ ᠪᠠ ᠪᠤᠰᠤᠳ ᠰᠠᠭᠤᠷᠢ ᠪᠡᠯᠡᠳᠬᠡᠮᠵᠢ ᠶᠢᠨ ᠶᠡᠷᠦᠩᠬᠡᠶ ᠲᠠᠯᠠᠪᠠᠶ ᠨᠢ 16.8387 ᠾᠧᠺᠲ᠋ᠠᠷ ᠪᠣᠯᠤᠨ᠎ᠠ᠃      ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ      ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄      1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔      2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ︔      3. ᠲᠠ ᠲᠤᠰ ᠲᠦᠷᠦᠯ ᠵᠦᠢᠯ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠲᠠᠢ ᠪᠠᠶᠢᠬᠤ︔      ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠨ ᠵᠢᠱᠢᠬᠦ ᠨᠢᠭᠡᠴᠡ ᠪᠠᠷ ᠳᠠᠮᠵᠢᠭᠤᠯᠤᠨ ᠤᠲᠠᠰᠤ ᠪᠠᠷ ᠬᠠᠷᠢᠭᠤ ᠲᠤᠰᠬᠠᠬᠤ ᠬᠡᠷᠡᠭᠲᠡᠶ᠃      ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ      ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠰᠢᠩ ᠾᠧ ᠰᠢᠶᠠᠨ ᠤ ᠲᠠᠢ ᠶᠠᠩ ᠡᠨᠧᠷᠭᠢ ᠶᠢᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠵᠠᠩ ᠬᠦᠶ      ᠬᠠᠷᠢᠯᠴᠠᠬᠤ ᠤᠲᠠᠰᠤ᠄ 15849445456      ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠤᠯᠠᠭᠠᠨᠴᠠᠪ ᠬᠤᠲᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠰᠢᠩ ᠾᠧ ᠠᠵᠤ ᠦᠢᠯᠡᠰ ᠤᠨ ᠬᠦᠷᠢᠶᠡᠯᠡᠩ ᠤᠨ C ᠲᠣᠭᠤᠷᠢᠭ      ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᠵᠥᠩ ᠱᠢ ᠴᠢ ᠶᠠᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠸᠠᠩ ᡁᠢ ᠴᠢᠶᠠᠩ      ᠬᠠᠷᠢᠯᠴᠠᠬᠤ ᠤᠲᠠᠰᠤ᠄ 17600055156      ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠺᠢᠨᠣ᠋ ᠶᠢᠨ ᠦᠢᠯᠡᠳᠪᠦᠷᠢ ᠶᠢᠨ 1 ᠳ᠋ᠦᠭᠡᠷ ᠠᠰᠠᠷ ᠤᠨ 1 ᠳ᠋ᠦᠭᠡᠷ ᠲᠠᠰᠤᠭ 4 ᠳ᠋ᠦᠭᠡᠷ ᠳᠠᠪᠬᠤᠷ ᠤᠨ 401 ᠥᠷᠥᠭᠡ      ᠵᠠᠷᠯᠠᠨ ᠨᠡᠶᠢᠲᠡᠯᠡᠭᠰᠡᠨ ᠴᠠᠭ᠄ 2024 ᠣᠨ ᠤ 3 ᠰᠠᠷ᠎ᠠ ᠶᠢᠨ 26᠎ ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3