ᠰᠢᠩ ᠾᠧ ᠰᠢᠶᠠᠨ ᠤ ᠣᠶᠤᠨᠴᠢ ᠲᠠᠷᠢᠶᠠᠯᠠᠩ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ︵ᠨᠢᠭᠡᠳᠦᠭᠡᠷ ᠬᠤᠭᠤᠴᠠᠭ᠎ᠠ︶᠎ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠦ ᠨᠡᠶᠢᠲᠡ ᠳᠤ ᠵᠠᠷᠯᠠᠪᠠ
ᠨᠡᠶᠢᠲᠡᠯᠡᠭᠰᠡᠨ ᠴᠠᠭ᠄
2024/3/26
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶᠎ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠰᠢᠩ ᠡᡁᠧ ᠰᠢᠶᠠᠨ ᠤ ᠤᠶᠤᠨᠲᠤ ᠲᠠᠷᠢᠶᠠᠯᠠᠩ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ︵ᠨᠢᠭᠡᠳᠦᠭᠡᠷ ᠬᠤᠭᠤᠴᠠᠭ᠎ᠠ︶᠎ ᠳᠤ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠦ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠤᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠬᠤᠷᠢᠶᠠᠨ ᠬᠤᠷᠢᠶᠠᠵᠤ ᠪᠤᠢ᠃      ᠨᠢᠭᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ     ᠰᠢᠩ ᠾᠧ ᠰᠢᠶᠠᠨ ᠤ ᠤᠶᠤᠨᠲᠤ ᠲᠠᠷᠢᠶᠠᠯᠠᠩ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠎ ᠢ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢ ᠭᠤᠸᠠᠨ ᠲᠣᠰᠬᠤᠨ ᠳᠤ ᠪᠠᠶᠢᠭᠤᠯᠬᠤ ᠪᠠᠷ ᠪᠣᠶ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ ᠳᠣᠤᠷᠠᠬᠢ ᠮᠡᠲᠦ᠄      ︵1︶ ᠬᠦᠯᠡᠮᠵᠢ ᠶᠢᠨ ᠪᠥᠲᠥᠭᠡᠨ ᠪᠠᠶᠢᠭᠤᠯᠤᠯᠲᠠ᠄ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 143544 ᠲᠡᠭᠰᠢ ᠳᠥᠷᠪᠡᠯᠵᠢᠨ ᠮᠧᠲᠷ᠂ ᠡᠭᠦᠨ ᠳᠤ ᠤᠶᠤᠨᠴᠢᠯᠠᠭᠰᠠᠨ ᠰᠢᠯ ᠬᠦᠯᠡᠮᠵᠢ 2 ᠰᠠᠭᠤᠷᠢ᠂ ᠪᠠᠷᠢᠯᠭ᠎ᠠ ᠶᠢᠨ ᠲᠠᠯᠠᠪᠠᠶ ᠨᠢ 50304 ᠲᠡᠭᠰᠢ ᠳᠥᠷᠪᠡᠯᠵᠢᠨ ᠮᠧᠲᠷ︔ ᠤᠭᠰᠠᠷᠠᠮᠠᠯ ᠮᠠᠶ᠋ᠢᠭ ᠤᠨ ᠨᠡᠷᠡᠨ ᠤ ᠬᠡᠷᠡᠯ ᠤᠨ ᠬᠦᠯᠡᠮᠵᠢ 66 ᠰᠠᠭᠤᠷᠢ ︵ᠡᠭᠦᠨ ᠳᠤ ᠦᠢᠯᠡᠳᠪᠦᠷᠢᠯᠡᠯ ᠤᠨ ᠲᠣᠭᠤᠷᠢᠭ 59 ᠰᠠᠭᠤᠷᠢ᠂ ᠴᠢᠬᠢ ᠪᠤᠶᠢᠵᠢᠭᠤᠯᠬᠤ ᠲᠣᠭᠤᠷᠢᠭ 7 ᠰᠠᠭᠤᠷᠢ︶᠂ ᠪᠠᠷᠢᠯᠭ᠎ᠠ ᠶᠢᠨ ᠲᠠᠯᠠᠪᠠᠶ ᠨᠢ 93240 ᠲᠡᠭᠰᠢ ᠳᠥᠷᠪᠡᠯᠵᠢᠨ ᠮᠧᠲᠷ︔      ︵2︶ ᠬᠦᠯᠡᠮᠵᠢ ᠳᠤ ᠳᠠᠷᠢᠬᠤ ᠪᠠ ᠴᠢᠬᠢ ᠪᠤᠶᠢᠵᠢᠭᠤᠯᠬᠤ ᠢᠨᠵᠧᠨᠧᠷᠢᠩ᠄ ᠤᠭᠰᠠᠷᠠᠮᠠᠯ ᠮᠠᠶ᠋ᠢᠭ ᠤᠨ ᠨᠡᠷᠡᠨ ᠬᠡᠷᠡᠯ ᠤᠨ ᠬᠦᠯᠡᠮᠵᠢ ︵ᠴᠢᠬᠢ ᠪᠤᠶᠢᠵᠢᠭᠤᠯᠬᠤ︶᠎ ᠶᠢᠨ ᠲᠥᠬᠦᠭᠡᠷᠦᠮᠵᠢ ᠪᠠ ᠰᠢᠰᠲ᠋ᠧᠮ᠂ ᠤᠭᠰᠠᠷᠠᠮᠠᠯ ᠮᠠᠶ᠋ᠢᠭ ᠤᠨ ᠨᠡᠷᠡᠨ ᠬᠡᠷᠡᠯ ᠤᠨ ᠬᠦᠯᠡᠮᠵᠢ ︵ᠳᠠᠷᠢᠬᠤ︶᠎ ᠶᠢᠨ ᠲᠥᠬᠦᠭᠡᠷᠦᠮᠵᠢ ᠪᠠ ᠰᠢᠰᠲ᠋ᠧᠮ᠂ ᠣᠶᠤᠨᠴᠢᠯᠠᠭᠰᠠᠨ ᠣᠯᠠᠨ ᠳᠠᠪᠬᠤᠷᠭᠠᠲᠤ ᠳᠤᠯᠠᠭᠠᠨ ᠬᠠᠳᠠᠭᠠᠯᠠᠬᠤ ᠰᠢᠯ ᠬᠦᠯᠡᠮᠵᠢ ︵ᠳᠠᠷᠢᠬᠤ᠂ ᠴᠢᠬᠢ ᠪᠤᠶᠢᠵᠢᠭᠤᠯᠬᠤ︶᠎ ᠶᠢᠨ ᠲᠥᠬᠦᠭᠡᠷᠦᠮᠵᠢ ᠪᠠ ᠰᠢᠰᠲ᠋ᠧᠮ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠰᠢᠰᠲ᠋ᠧᠮ᠃      ︵3︶ ᠤᠶᠤᠨᠲᠤ ᠲᠠᠷᠢᠶᠠᠯᠠᠩ ᠤᠨ ᠰᠢᠰᠲ᠋ᠧᠮ᠄ ᠬᠦᠯᠡᠮᠵᠢ ᠶᠢᠨ ᠲᠥᠬᠦᠭᠡᠷᠦᠮᠵᠢ ᠶᠢᠨ ᠰᠢᠰᠲ᠋ᠧᠮ᠂ ᠲᠣᠭᠠᠨ ᠤ ᠢᠬᠡᠷ᠎ᠡ ᠲᠠᠪᠴᠠᠩ᠂ ᠲᠠᠷᠢᠶᠠᠯᠠᠩ ᠤᠨ ᠲᠤᠮᠤ ᠳ᠋ᠠᠶᠢᠲ᠋ᠠ ᠶᠢᠨ ᠲᠠᠪᠴᠠᠩ᠂ ᠬᠢᠨᠠᠨ ᠡᠵᠡᠮᠳᠡᠬᠦ ᠲᠠᠪᠴᠠᠩ᠂ ᠪᠤᠰᠤᠳ ᠲᠠᠷᠢᠶᠠᠯᠠᠩ ᠤᠨ ᠲᠠᠪᠴᠠᠩ ᠵᠡᠷᠭᠡ︔      ︵4︶ ᠳᠠᠭᠠᠯᠲᠠ ᠢᠵᠢ ᠪᠦᠷᠢᠳᠦᠭᠦᠯᠬᠦ ᠲᠥᠬᠦᠭᠡᠷᠦᠮᠵᠢ᠄ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠣᠷᠳᠣᠨ ᠤ ᠪᠠᠷᠢᠯᠭ᠎ᠠ ᠶᠢᠨ ᠲᠠᠯᠠᠪᠠᠢ ᠨᠢ 3600 ᠲᠡᠭᠰᠢ ᠳᠥᠷᠪᠡᠯᠵᠢᠨ ᠮᠧᠲᠷ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠂ ᠳᠡᠯᠭᠡᠨ ᠦᠵᠡᠭᠦᠯᠬᠦ᠂ ᠤᠬᠠᠭᠤᠯᠤᠨ ᠬᠥᠮᠦᠵᠢᠭᠦᠯᠬᠦ ᠴᠢᠳᠠᠮᠵᠢ ᠲᠠᠢ ᠪᠠᠶᠢᠬᠤ︔ ᠰᠤᠳᠤᠯᠤᠨ ᠨᠡᠭᠡᠭᠡᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ 960 ᠲᠡᠭᠰᠢ ᠳᠥᠷᠪᠡᠯᠵᠢᠨ ᠮᠧᠲᠷ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠠᠶᠢᠴᠠᠭᠠᠨ ᠰᠢᠯᠭᠠᠬᠤ᠂ ᠰᠢᠨ᠎ᠡ ᠲᠠᠷᠢᠶᠠᠴᠢᠳ ᠢ ᠪᠣᠯᠪᠠᠰᠤᠷᠠᠭᠤᠯᠬᠤ ᠵᠡᠷᠭᠡ ᠴᠢᠳᠠᠮᠵᠢ ᠲᠠᠢ︔ ᠢᠯᠭᠠᠨ ᠢᠯᠭᠠᠬᠤ ᠪᠣᠭᠤᠳᠠᠯ ᠪᠠᠭᠯᠠᠭ᠎ᠠ᠂ ᠰᠠᠩ ᠬᠥᠮᠥᠷᠭᠡ᠂ ᠡᠳ᠋ ᠪᠠᠷᠠᠭᠠᠨ ᠤ ᠭᠦᠢᠯᠭᠡᠭᠡᠨ ᠤ ᠲᠠᠰᠤᠭ᠂ ᠨᠠᠷᠭᠢᠯ ᠤᠨ ᠠᠭ᠎ᠠ  ᠰᠢᠢᠳᠪᠦᠷᠢᠯᠡᠬᠦ ᠲᠠᠰᠤᠭ ᠤᠨ ᠪᠠᠷᠢᠯᠭ᠎ᠠ ᠶᠢᠨ ᠲᠠᠯᠠᠪᠠᠢ 3029 ᠲᠡᠭᠰᠢ ᠳᠥᠷᠪᠡᠯᠵᠢᠨ ᠮᠧᠲᠷ᠂ ᠢᠯᠭᠠᠨ ᠢᠯᠭᠠᠬᠤ᠂ ᠪᠣᠭᠤᠳᠠᠯᠯᠠᠬᠤ᠂ ᠳᠠᠮᠵᠢᠭᠤᠯᠤᠨ ᠬᠦᠷᠭᠡᠬᠦ᠂ ᠬᠥᠮᠥᠷᠭᠡᠯᠡᠨ ᠬᠠᠳᠠᠭᠠᠯᠠᠬᠤ ᠵᠢᠴᠢ ᠨᠠᠷᠭᠢᠯ ᠤᠨ ᠠᠭ᠎ᠠ ᠰᠢᠢᠳᠪᠦᠷᠢᠯᠡᠬᠦ ᠵᠡᠷᠭᠡ ᠴᠢᠳᠠᠪᠤᠷᠢ ᠲᠠᠢ︔ ᠨᠠᠬᠢᠶᠠᠯᠠᠬᠤ ᠶᠢ ᠲᠦᠷᠭᠡᠳᠬᠡᠬᠦ ᠵᠠᠯᠭᠠᠯᠲᠠ ᠶᠢᠨ ᠪᠠᠷᠢᠯᠭ᠎ᠠ ᠶᠢᠨ ᠲᠠᠯᠠᠪᠠᠢ ᠨᠢ 1560 ᠲᠡᠭᠰᠢ ᠳᠥᠷᠪᠡᠯᠵᠢᠨ ᠮᠧᠲᠷ ᠪᠠᠶᠢᠵᠤ᠂  ᠠᠦ᠋ᠲ᠋ᠣᠴᠢᠯᠠᠭᠰᠠᠨ ᠲᠠᠷᠢᠯᠭ᠎ᠠ ᠬᠢᠬᠦ᠂ ᠨᠠᠬᠢᠶᠠᠯᠠᠬᠤ ᠶᠢ ᠲᠦᠷᠭᠡᠳᠬᠡᠬᠦ᠂ ᠤᠷᠤᠰᠬᠠᠯ ᠤᠰᠤ ᠶᠢ ᠵᠠᠯᠭᠠᠬᠤ ᠵᠡᠷᠭᠡ ᠴᠢᠳᠠᠪᠤᠷᠢ ᠲᠠᠢ᠃      ︵5︶ ᠰᠠᠭᠤᠷᠢ ᠢᠵᠢ ᠪᠦᠷᠢᠳᠦᠭᠦᠯᠬᠦ ᠢᠨᠵᠧᠨᠧᠷᠢᠩ᠄ ᠠᠷᠢᠭᠤᠨ ᠴᠡᠪᠡᠷ ᠤᠨ ᠲᠠᠰᠤᠯᠭ᠎ᠠ᠂ ᠶᠡᠭᠡ ᠡᠭᠦᠳᠡ᠂ ᠬᠥᠭᠡᠷᠭᠡ ᠶᠢᠨ ᠬᠡᠷ᠂ ᠴᠠᠬᠢᠯᠭᠠᠨ ᠲᠦᠭᠡᠭᠡᠬᠦ ᠬᠡᠷ᠂ ᠴᠢᠬᠢᠨ ᠬᠡᠷ᠂ ᠭᠠᠯ ᠤᠨᠲᠠᠷᠠᠭᠠᠬᠤ᠂ ᠢᠯᠴᠢ ᠰᠣᠯᠢᠯᠴᠠᠬᠤ ᠮᠠᠰᠢᠨ ᠴᠣᠭᠴᠠᠯᠠᠪᠤᠷᠢ᠂ ᠡᠰᠢ ᠰᠦᠷᠡᠯ ᠢ ᠬᠡᠮᠬᠡᠯᠬᠦ ᠦᠢᠯᠡᠳᠪᠦᠷᠢ ᠶᠢᠨ ᠲᠠᠰᠤᠭ᠂ ᠬᠦᠷᠢᠶᠡᠯᠡᠩ ᠲᠣᠭᠤᠷᠢᠭ ᠤᠨ ᠳᠣᠲᠣᠷᠠᠬᠢ ᠬᠠᠲᠠᠭᠤᠷᠠᠭᠤᠯᠬᠤ ᠵᠠᠮ᠂ ᠠᠮᠢ ᠠᠬᠤᠶ ᠶᠢᠨ ᠲᠡᠷᠭᠡ ᠵᠣᠭᠰᠣᠭᠠᠬᠤ ᠪᠠᠶᠢᠷᠢ᠂ ᠬᠠᠲᠠᠭᠠᠬᠤ ᠲᠠᠯᠠᠪᠠᠶ ᠵᠢᠴᠢ ᠪᠠᠷᠠᠭᠠᠨ ᠤ ᠭᠦᠢᠯᠭᠡᠭᠡᠨ ᠤ ᠲᠡᠷᠭᠡ ᠵᠣᠭᠰᠣᠭᠠᠬᠤ ᠭᠠᠵᠠᠷ᠂ ᠬᠦᠷᠢᠶᠡᠯᠡᠩ ᠲᠣᠭᠤᠷᠢᠭ ᠤᠨ ᠬᠦᠷᠢᠶ᠎ᠡ ᠬᠡᠷᠡᠮ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠲᠥᠬᠦᠭᠡᠷᠦᠮᠵᠢ ᠶᠢᠨ ᠬᠤᠭᠤᠷᠣᠨᠳᠣᠬᠢ ᠰᠠᠭᠤᠷᠢ ᠵᠡᠷᠭᠡ᠃      ︵6︶ ᠲᠠᠯᠠᠪᠤᠷ ᠤᠨ ᠭᠠᠳᠠᠨ᠎ᠠ ᠢᠵᠢ ᠪᠥᠷᠢᠳᠦᠭᠦᠯᠦᠭᠰᠡᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠢᠨᠵᠧᠨᠧᠷᠢᠩ 1000m᠃      ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ      ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄    1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔    2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠴᠦ ᠮᠡᠳᠡᠬᠦ︔    3. ᠲᠠ ᠲᠤᠰ ᠲᠦᠷᠦᠯ ᠵᠦᠢᠯ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠲᠠᠢ ᠪᠠᠶᠢᠬᠤ︔    ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠨ ᠵᠢᠱᠢᠬᠦ ᠨᠢᠭᠡᠴᠡ ᠪᠠᠷ ᠳᠠᠮᠵᠢᠭᠤᠯᠤᠨ ᠤᠲᠠᠰᠤ ᠪᠠᠷ ᠬᠠᠷᠢᠭᠤ ᠲᠤᠰᠬᠠᠬᠤ ᠬᠡᠷᠡᠭᠲᠡᠶ᠃      ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ      ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠰᠢᠩ ᠾᠧ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠥᠪ      ᠬᠠᠷᠢᠯᠴᠠᠬᠤ ᠬᠥᠮᠦᠨ᠄ ᠸᠠᠩ ᠷᠦᠢ      ᠬᠠᠷᠢᠯᠴᠠᠬᠤ ᠤᠲᠠᠰᠤ᠄ 13294746330      ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠰᠢᠩ ᠾᠧ ᠰᠢᠶᠠᠨ      ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᠵᠥᠩ ᠱᠢ ᠴᠢ ᠶᠠᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ      ᠬᠠᠷᠢᠯᠴᠠᠬᠤ ᠬᠥᠮᠦᠨ᠄ ᠸᠠᠩ ᡁᠢ ᠴᠢᠶᠠᠩ      ᠬᠠᠷᠢᠯᠴᠠᠬᠤ ᠤᠲᠠᠰᠤ᠄ 17600055156      ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠺᠢᠨᠣ᠋ ᠶᠢᠨ ᠦᠢᠯᠡᠳᠪᠦᠷᠢ ᠶᠢᠨ 1 ᠳ᠋ᠦᠭᠡᠷ ᠠᠰᠠᠷ ᠤᠨ 1 ᠳ᠋ᠦᠭᠡᠷ ᠲᠠᠰᠤᠭ 4 ᠳ᠋ᠦᠭᠡᠷ ᠳᠠᠪᠬᠤᠷ ᠤᠨ 401 ᠥᠷᠥᠭᠡ      ᠵᠠᠷᠯᠠᠨ ᠨᠡᠶᠢᠲᠡᠯᠡᠭᠰᠡᠨ ᠴᠠᠭ᠄ 2024 ᠣᠨ ᠤ 3 ᠰᠠᠷ᠎ᠠ ᠶᠢᠨ 25᠎ ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3