ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
      3 ᠰᠠᠷ᠎ᠠ ᠶᠢᠨ 25᠎ ᠤ ᠡᠳᠦᠷ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠯᠲᠡ ᠶᠢᠨ ᠭᠠᠯ ᠤᠨᠲᠠᠷᠠᠭᠠᠬᠤ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠢᠨ ᠵᠢᠱᠢᠭᠳᠡᠭᠴᠢ ᠹᠦ᠋ ᠬᠠᠶ ᠶᠠᠨ ᠬᠤᠷᠠᠯ ᠢ ᠡᠷᠭᠢᠯᠡᠪᠡ᠃      ᠬᠤᠷᠠᠯ ᠠᠴᠠ ︽ᠰᠢᠩ ᠡᡁᠧ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠳᠣᠲᠣᠭᠠᠳᠤ ᠶᠢ ᠬᠠᠮᠠᠭᠠᠯᠠᠬᠤ ᠲᠤᠪᠴᠢᠶ᠎ᠡ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ ᠲᠤᠰ ᠲᠤᠰ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃      ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ︽ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾᠎ ᠢ ᠨᠠᠷᠢᠨ ᠬᠢᠨᠠᠮᠠᠭᠠᠢ ᠬᠠᠷᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠬᠤ ᠬᠡᠷᠡᠭᠲᠡᠢ︔ ᠦᠵᠡᠯ ᠰᠠᠨᠠᠭᠠᠨ ᠤ ᠲᠠᠯ᠎ᠠ ᠪᠠᠷ᠂ ᠣᠪᠣᠷ ᠤᠨ ᠲᠠᠯ᠎ᠠ ᠪᠠᠷ᠂ ᠰᠤᠷᠲᠠᠯ ᠤᠨ ᠲᠠᠯ᠎ᠠ ᠪᠠᠷ ᠠᠮᠤᠷ ᠲᠦᠪᠰᠢᠨ ᠤ ᠤᠬᠠᠮᠰᠠᠷ ᠤᠨ ᠲᠤᠯᠭᠠᠮ᠎ᠠ ᠰᠡᠳᠬᠢᠯᠭᠡ᠂ ᠴᠢᠬᠤᠯᠠᠴᠢᠯᠠᠬᠤ  ᠬᠡᠮᠵᠢᠶ᠎ᠡ ᠪᠠᠨ ᠳᠡᠭᠡᠭᠰᠢᠯᠡᠭᠦᠯᠵᠦ᠂ ᠭᠤᠣᠯ ᠵᠥᠷᠢᠴᠡᠯ ᠢ ᠠᠳᠬᠤᠵᠤ᠂ ᠠᠮᠤᠷ ᠲᠦᠪᠰᠢᠨ ᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠦᠨ ᠂ ᠪᠦᠬᠦ ᠲᠠᠯ᠎ᠠ ᠪᠠᠷ᠂ ᠲᠦᠢᠯᠪᠤᠷᠢᠲᠠᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ︵ ᠬᠦᠷᠢᠶ᠎ᠡ︶᠎ ᠤᠨ ᠠᠳᠡᠯ ᠤᠨ ᠳᠠᠯᠳᠠ ᠭᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠲᠡᠭᠡᠭᠡᠪᠦᠷᠢ᠂ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ︽ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠮᠤᠷ ᠠᠮᠤᠭᠤᠯᠠᠩ ᠡᠩᠬᠡ ᠲᠠᠶᠢᠪᠤᠩ ᠢ ᠪᠥᠲᠥᠭᠡᠨ ᠪᠠᠶᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠡᠯ᠎ᠡ  ᠵᠦᠢᠯ ᠤᠨ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠰᠠᠶᠢᠲᠤᠷ ᠬᠡᠷᠡᠭᠵᠢᠭᠦᠯᠬᠦ ᠬᠡᠷᠡᠭᠲᠡᠶ︔ ᠬᠢᠨᠠᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠠᠵᠤ ᠠᠬᠤᠶᠢᠯᠠᠯ  ᠢ ᠰᠢᠮᠳᠠᠭᠤᠯᠵᠤ ᠪᠠᠶᠢᠭᠠᠳ ᠠᠶᠤᠯ ᠥᠭᠡᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠠᠶᠤᠯ ᠥᠭᠡᠢ ᠦᠢᠯᠡᠳᠪᠦᠷᠢᠯᠡᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠳᠣᠲᠣᠭᠠᠳᠤ ᠶᠢᠨ ᠠᠶᠤᠯ ᠥᠭᠡᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ︽ᠬᠡᠨ ᠰᠢᠯᠭᠠᠨ ᠠᠪᠤᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ ᠠᠪᠬᠤ ᠲᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠳᠡᠭᠡᠳᠦ ᠲᠤᠤᠷᠠᠳᠤ ᠱᠠᠲᠤᠨ ᠤ ᠬᠢᠨ ᠡᠷᠬᠡᠪᠰᠢ ᠬᠠᠷᠢᠭᠤᠴᠠᠯᠭ᠎ᠠ ᠶᠢᠨ ᠲᠦᠷᠢᠮ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾᠎ ᠢ ᠴᠢᠩᠭ᠎ᠠ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠣᠯᠤᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ︽ᠨᠠᠢᠮᠠᠨ ᠶᠡᠭᠡ ᠠᠵᠢᠯᠯᠠᠭ᠎ᠠ︾ ᠪᠣᠯᠤᠨ 20 ᠵᠤᠷᠪᠤᠰ ᠪᠣᠳᠠᠲᠠᠢ ᠠᠷᠭ᠎ᠠ  ᠬᠡᠮᠵᠢᠶ᠎ᠡ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ︽ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾᠎ ᠢ ᠪᠠᠷᠢᠮᠲᠠᠯᠠᠵᠤ᠂ 5 ᠲᠦᠷᠦᠯ ᠤᠨ ᠳᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠪᠣᠳᠠᠲᠠᠶᠢᠵᠢᠭᠤᠯᠵᠤ ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠢᠳᠡᠪᠬᠢᠲᠡᠢ ᠤᠬᠠᠭᠤᠯᠵᠤ᠂ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠭᠡᠮ ᠰᠣᠭᠤᠭ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠢᠯᠡᠴᠢᠯᠡᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠶᠢ ᠲᠠᠯᠬᠢᠳᠠᠵᠤ ᠪᠣᠯᠤᠰᠢ ᠦᠭᠡᠢ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠫᠠᠨ ᠸᠧᠨ᠂ ᠵᠤᠤ ᠬᠤᠢ ᠵᠢᠤᠢ᠂ ᠭᠦᠩ ᠰᠢᠤ ᠯᠦᠩ ᠬᠤᠷᠠᠯ ᠳᠤ ᠣᠷᠣᠯᠴᠠᠵᠠᠢ᠃                                  ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3