ᠰᠠᠶᠢᠬᠤᠰᠤ ᠪᠠᠯᠭᠠᠰᠤ 2024 ᠣᠨ ᠤ ᠳᠥᠷᠪᠡᠳᠦᠭᠡᠷ ᠤᠳᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
      2024 ᠣᠨ ᠤ 3 ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ ᠮᠠᠨ ᠤ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠬᠠᠷᠢᠯᠴᠠᠬᠤ ᠲᠠᠰᠤᠭ ᠲᠤ 2024 ᠣᠨ ᠤ ᠳᠥᠷᠪᠡᠳᠦᠭᠡᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠣᠷᠣᠯᠴᠠᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠎ ᠢ ᠲᠥᠪᠯᠡᠷᠡᠭᠦᠯᠦᠨ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠣᠯᠤᠨ ︽ᠫᠦᠵᠢᠶᠠᠩ ᠤᠨ ᠲᠤᠷᠰᠢᠯᠭ᠎ᠠ︾᠎ ᠶᠢ ᠲᠠᠬᠢᠨ ᠡᠷᠭᠢᠴᠡᠭᠦᠯᠵᠦ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠢᠭᠡᠳ ᠨᠢᠭᠡ ᠪᠠᠷ ᠲᠤᠬᠠᠢ ᠶᠢᠨ ᠲᠠᠯᠠᠪᠠᠢ ᠳᠤ ᠲᠤᠰᠢᠶᠠᠨ ᠥᠭᠴᠦ ᠰᠢᠢᠳᠪᠦᠷᠢᠯᠡᠭᠦᠯᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠦᠷᠢᠯᠡᠬᠦ ᠠᠵᠢᠯ ᠢ ᠡᠩ ᠤᠨ ᠴᠠᠭ ᠲᠠᠭᠠᠨ ᠬᠢᠵᠦ᠂ ᠡᠳᠦᠷ ᠲᠤᠲᠤᠮ ᠤᠨ ᠠᠵᠢᠯ ᠳᠠᠭᠠᠨ ᠬᠢᠵᠦ᠂ ᠣᠯᠠᠨ ᠲᠦᠮᠡᠨ ᠤ ᠲᠤᠰᠢᠶᠠᠨ  ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠬᠡᠷᠡᠭ ᠲᠤ ᠴᠠᠭ ᠲᠤᠬᠠᠶ ᠳᠤᠨᠢ ᠬᠠᠷᠢᠭᠤᠯᠲᠠ ᠥᠭᠴᠦ᠂ ︽ᠪᠠᠶᠢᠴᠠᠭᠠᠨ ᠣᠶᠢᠯᠠᠭᠠᠵᠤ ᠬᠠᠷᠢᠭᠤ ᠲᠤᠰᠬᠠᠵᠤ ᠰᠢᠢᠳᠪᠦᠷᠢᠯᠡᠬᠦ︾ ᠬᠡᠯᠬᠢᠶ᠎ᠡ ᠲᠣᠭᠲᠠᠴᠠ ᠶᠢ ᠪᠦᠷᠢᠯᠳᠦᠭᠦᠯᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠬᠡᠮᠵᠢᠬᠦ ᠭᠤᠣᠯ ᠭᠦᠢᠴᠡᠳᠬᠡᠯ ᠲᠤᠭ᠎ᠠ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠭᠤᠤᠯᠳᠠᠯᠭ᠎ᠠ ᠲᠠᠢ ᠬᠠᠮᠲᠤᠯᠢᠭ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠲᠣᠮᠢᠯᠠᠭᠰᠠᠨ ᠰᠠᠯᠪᠤᠷᠢ ᠲᠠᠢ ᠬᠤᠯᠪᠣᠭᠠᠯᠠᠨ ᠲᠣᠭᠲᠠᠭᠤᠨ ᠢᠶᠠᠷ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠷᠢᠶᠠᠲᠤ ᠣᠷᠣᠨ ᠤ ᠳᠣᠲᠣᠷᠠᠬᠢ ᠴᠢᠬᠤᠯᠠ ᠶᠡᠭᠡ ᠲᠣᠭᠲᠠᠭᠤᠨ ᠪᠤᠰᠤ ᠬᠦᠴᠦᠨ ᠵᠦᠢᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠪᠠ ᠭᠤᠤᠯᠳᠠᠯᠭ᠎ᠠ ᠲᠠᠢ ᠡᠲᠡᠭᠡᠳ ᠤᠨ ᠰᠡᠷᠭᠡᠶᠢᠯᠡᠨ ᠡᠵᠡᠮᠳᠡᠬᠦ ᠲᠣᠭᠲᠠᠭᠤᠨ ᠢᠶᠠᠷ ᠡᠵᠡᠮᠳᠡᠬᠦ ᠠᠵᠢᠯ ᠢ ᠣᠳᠣᠬᠠᠨ ᠤ ᠨᠢᠭᠡ ᠵᠦᠢᠯ ᠤᠨ ᠴᠢᠬᠤᠯᠠ ᠠᠵᠢᠯ ᠪᠣᠯᠭᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3