︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠲᠦᠷᠢᠮ ︵ᠲᠤᠷᠰᠢᠨ ᠬᠡᠷᠡᠭᠵᠢᠭᠦᠯᠬᠦ︶﹀ | ᠵᠡᠷᠭᠡ ᠳᠥᠷᠪᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ | ᠲᠣᠭᠲᠠᠭᠤᠨ ᠲᠠᠷᠬᠠᠭᠠᠭᠰᠠᠨ ︹ 2016 ︺ 1 ᠳ᠋ᠦᠭᠡᠷ ᠲᠣᠭᠠᠲᠤ︶ ᠤᠨ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠰᠢᠩ ᠡᡁᠧ ᠰᠢᠶᠠᠨ ᠤ ᠤᠶᠤᠨᠲᠤ ᠲᠠᠷᠢᠶᠠᠯᠠᠩ ᠢ | ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ︵ᠨᠢᠭᠡᠳᠦᠭᠡᠷ | ᠬᠤᠭᠤᠴᠠᠭ᠎ᠠ︶ ᠳᠤ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠦ ᠵᠠᠷᠯᠠᠨ ᠨᠡᠶᠢᠲᠡᠯᠡᠵᠦ᠂ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠤᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ | ᠬᠤᠷᠢᠶᠠᠨ ᠬᠤᠷᠢᠶᠠᠵᠤ ᠪᠤᠢ᠃ | ᠨᠢᠭᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠵᠢᠴᠢ ᠠᠭᠤᠯᠭ᠎ᠠ | ᠰᠢᠩ ᠾᠧ ᠰᠢᠶᠠᠨ ᠤ ᠤᠶᠤᠨᠲᠤ ᠲᠠᠷᠢᠶᠠᠯᠠᠩ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ | ᠬᠦᠷᠢᠶᠡᠯᠡᠩ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠢ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ | ᠴᠧᠩ ᠭᠤᠸᠠᠨ ᠪᠠᠯᠭᠠᠰᠤᠨ ᠤ ᠰᠢ ᠭᠤᠸᠠᠨ ᠲᠣᠰᠬᠤᠨ ᠳᠤ ᠪᠠᠶᠢᠭᠤᠯᠬᠤ ᠪᠠᠷ ᠪᠣᠶ᠂ ᠪᠥᠲᠥᠭᠡᠨ ᠪᠠᠶᠢᠭᠤᠯᠤᠯᠲᠠ ᠶᠢᠨ | ᠬᠡᠪᠴᠢᠶ᠎ᠡ ᠨᠢ ᠳᠣᠤᠷᠠᠬᠢ ᠮᠡᠲᠦ᠄ | ︵1︶ ᠬᠦᠯᠡᠮᠵᠢ ᠶᠢᠨ ᠪᠥᠲᠥᠭᠡᠨ ᠪᠠᠶᠢᠭᠤᠯᠤᠯᠲᠠ᠄ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 143544 | ᠲᠡᠭᠰᠢ ᠳᠥᠷᠪᠡᠯᠵᠢᠨ ᠮᠧᠲᠷ᠂ ᠡᠭᠦᠨ ᠳᠤ ᠤᠶᠤᠨᠴᠢᠯᠠᠭᠰᠠᠨ ᠰᠢᠯ ᠬᠦᠯᠡᠮᠵᠢ 2 ᠰᠠᠭᠤᠷᠢ᠂ ᠪᠠᠷᠢᠯᠭ᠎ᠠ ᠶᠢᠨ | ᠲᠠᠯᠠᠪᠠᠶ ᠨᠢ 50304 ᠲᠡᠭᠰᠢ ᠳᠥᠷᠪᠡᠯᠵᠢᠨ ᠮᠧᠲᠷ︔ ᠤᠭᠰᠠᠷᠠᠮᠠᠯ ᠮᠠᠶ᠋ᠢᠭ ᠤᠨ ᠨᠡᠷᠡᠨ ᠤ ᠬᠡᠷᠡᠯ ᠤᠨ ᠬᠦᠯᠡᠮᠵᠢ | 66 ᠰᠠᠭᠤᠷᠢ ︵ᠡᠭᠦᠨ ᠳᠤ ᠦᠢᠯᠡᠳᠪᠦᠷᠢᠯᠡᠯ ᠤᠨ ᠲᠣᠭᠤᠷᠢᠭ 59 ᠰᠠᠭᠤᠷᠢ᠂ ᠴᠢᠬᠢ ᠪᠤᠶᠢᠵᠢᠭᠤᠯᠬᠤ ᠲᠣᠭᠤᠷᠢᠭ | 7 ᠰᠠᠭᠤᠷᠢ︶᠂ ᠪᠠᠷᠢᠯᠭ᠎ᠠ ᠶᠢᠨ ᠲᠠᠯᠠᠪᠠᠶ ᠨᠢ 93240 ᠲᠡᠭᠰᠢ ᠳᠥᠷᠪᠡᠯᠵᠢᠨ ᠮᠧᠲᠷ︔ | ︵2︶ ᠬᠦᠯᠡᠮᠵᠢ ᠳᠤ ᠳᠠᠷᠢᠬᠤ ᠪᠠ ᠴᠢᠬᠢ ᠪᠤᠶᠢᠵᠢᠭᠤᠯᠬᠤ ᠢᠨᠵᠧᠨᠧᠷᠢᠩ᠄ ᠤᠭᠰᠠᠷᠠᠮᠠᠯ ᠮᠠᠶ᠋ᠢᠭ ᠤᠨ ᠨᠡᠷᠡᠨ | ᠬᠡᠷᠡᠯ ᠤᠨ ᠬᠦᠯᠡᠮᠵᠢ ︵ᠴᠢᠬᠢ ᠪᠤᠶᠢᠵᠢᠭᠤᠯᠬᠤ︶ ᠶᠢᠨ ᠲᠥᠬᠦᠭᠡᠷᠦᠮᠵᠢ ᠪᠠ ᠰᠢᠰᠲ᠋ᠧᠮ᠂ ᠤᠭᠰᠠᠷᠠᠮᠠᠯ ᠮᠠᠶ᠋ᠢᠭ ᠤᠨ | ᠨᠡᠷᠡᠨ ᠬᠡᠷᠡᠯ ᠤᠨ ᠬᠦᠯᠡᠮᠵᠢ ︵ᠳᠠᠷᠢᠬᠤ︶ ᠶᠢᠨ ᠲᠥᠬᠦᠭᠡᠷᠦᠮᠵᠢ ᠪᠠ ᠰᠢᠰᠲ᠋ᠧᠮ᠂ ᠣᠶᠤᠨᠴᠢᠯᠠᠭᠰᠠᠨ ᠣᠯᠠᠨ | ᠳᠠᠪᠬᠤᠷᠭᠠᠲᠤ ᠳᠤᠯᠠᠭᠠᠨ ᠬᠠᠳᠠᠭᠠᠯᠠᠬᠤ ᠰᠢᠯ ᠬᠦᠯᠡᠮᠵᠢ ︵ᠳᠠᠷᠢᠬᠤ᠂ ᠴᠢᠬᠢ ᠪᠤᠶᠢᠵᠢᠭᠤᠯᠬᠤ︶ ᠶᠢᠨ ᠲᠥᠬᠦᠭᠡᠷᠦᠮᠵᠢ | ᠪᠠ ᠰᠢᠰᠲ᠋ᠧᠮ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠰᠢᠰᠲ᠋ᠧᠮ᠃ | ︵3︶ ᠤᠶᠤᠨᠲᠤ ᠲᠠᠷᠢᠶᠠᠯᠠᠩ ᠤᠨ ᠰᠢᠰᠲ᠋ᠧᠮ᠄ ᠬᠦᠯᠡᠮᠵᠢ ᠶᠢᠨ ᠲᠥᠬᠦᠭᠡᠷᠦᠮᠵᠢ ᠶᠢᠨ ᠰᠢᠰᠲ᠋ᠧᠮ᠂ | ᠲᠣᠭᠠᠨ ᠤ ᠢᠬᠡᠷ᠎ᠡ ᠲᠠᠪᠴᠠᠩ᠂ ᠲᠠᠷᠢᠶᠠᠯᠠᠩ ᠤᠨ ᠲᠤᠮᠤ ᠳ᠋ᠠᠶᠢᠲ᠋ᠠ ᠶᠢᠨ ᠲᠠᠪᠴᠠᠩ᠂ ᠬᠢᠨᠠᠨ ᠡᠵᠡᠮᠳᠡᠬᠦ ᠲᠠᠪᠴᠠᠩ᠂ | ᠪᠤᠰᠤᠳ ᠲᠠᠷᠢᠶᠠᠯᠠᠩ ᠤᠨ ᠲᠠᠪᠴᠠᠩ ᠵᠡᠷᠭᠡ︔ | ︵4︶ ᠳᠠᠭᠠᠯᠲᠠ ᠢᠵᠢ ᠪᠦᠷᠢᠳᠦᠭᠦᠯᠬᠦ ᠲᠥᠬᠦᠭᠡᠷᠦᠮᠵᠢ᠄ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠣᠷᠳᠣᠨ ᠤ ᠪᠠᠷᠢᠯᠭ᠎ᠠ ᠶᠢᠨ ᠲᠠᠯᠠᠪᠠᠢ ᠨᠢ 3600 ᠲᠡᠭᠰᠢ ᠳᠥᠷᠪᠡᠯᠵᠢᠨ ᠮᠧᠲᠷ᠂ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠂ ᠳᠡᠯᠭᠡᠨ ᠦᠵᠡᠭᠦᠯᠬᠦ᠂ ᠤᠬᠠᠭᠤᠯᠤᠨ ᠬᠥᠮᠦᠵᠢᠭᠦᠯᠬᠦ | ᠴᠢᠳᠠᠮᠵᠢ ᠲᠠᠢ ᠪᠠᠶᠢᠬᠤ︔ ᠰᠤᠳᠤᠯᠤᠨ ᠨᠡᠭᠡᠭᠡᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ 960 ᠲᠡᠭᠰᠢ ᠳᠥᠷᠪᠡᠯᠵᠢᠨ | ᠮᠧᠲᠷ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠠᠶᠢᠴᠠᠭᠠᠨ ᠰᠢᠯᠭᠠᠬᠤ᠂ ᠰᠢᠨ᠎ᠡ | ᠲᠠᠷᠢᠶᠠᠴᠢᠳ ᠢ ᠪᠣᠯᠪᠠᠰᠤᠷᠠᠭᠤᠯᠬᠤ ᠵᠡᠷᠭᠡ ᠴᠢᠳᠠᠮᠵᠢ ᠲᠠᠢ︔ ᠢᠯᠭᠠᠨ ᠢᠯᠭᠠᠬᠤ ᠪᠣᠭᠤᠳᠠᠯ ᠪᠠᠭᠯᠠᠭ᠎ᠠ᠂ ᠰᠠᠩ | ᠬᠥᠮᠥᠷᠭᠡ᠂ ᠡᠳ᠋ ᠪᠠᠷᠠᠭᠠᠨ ᠤ ᠭᠦᠢᠯᠭᠡᠭᠡᠨ ᠤ ᠲᠠᠰᠤᠭ᠂ ᠨᠠᠷᠭᠢᠯ ᠤᠨ ᠠᠭ᠎ᠠ ᠰᠢᠢᠳᠪᠦᠷᠢᠯᠡᠬᠦ ᠲᠠᠰᠤᠭ ᠤᠨ | ᠪᠠᠷᠢᠯᠭ᠎ᠠ ᠶᠢᠨ ᠲᠠᠯᠠᠪᠠᠢ 3029 ᠲᠡᠭᠰᠢ ᠳᠥᠷᠪᠡᠯᠵᠢᠨ ᠮᠧᠲᠷ᠂ ᠢᠯᠭᠠᠨ ᠢᠯᠭᠠᠬᠤ᠂ ᠪᠣᠭᠤᠳᠠᠯᠯᠠᠬᠤ᠂ | ᠳᠠᠮᠵᠢᠭᠤᠯᠤᠨ ᠬᠦᠷᠭᠡᠬᠦ᠂ ᠬᠥᠮᠥᠷᠭᠡᠯᠡᠨ ᠬᠠᠳᠠᠭᠠᠯᠠᠬᠤ ᠵᠢᠴᠢ ᠨᠠᠷᠭᠢᠯ ᠤᠨ ᠠᠭ᠎ᠠ ᠰᠢᠢᠳᠪᠦᠷᠢᠯᠡᠬᠦ ᠵᠡᠷᠭᠡ | ᠴᠢᠳᠠᠪᠤᠷᠢ ᠲᠠᠢ︔ ᠨᠠᠬᠢᠶᠠᠯᠠᠬᠤ ᠶᠢ ᠲᠦᠷᠭᠡᠳᠬᠡᠬᠦ ᠵᠠᠯᠭᠠᠯᠲᠠ ᠶᠢᠨ ᠪᠠᠷᠢᠯᠭ᠎ᠠ ᠶᠢᠨ ᠲᠠᠯᠠᠪᠠᠢ ᠨᠢ 1560 ᠲᠡᠭᠰᠢ | ᠳᠥᠷᠪᠡᠯᠵᠢᠨ ᠮᠧᠲᠷ ᠪᠠᠶᠢᠵᠤ᠂ ᠠᠦ᠋ᠲ᠋ᠣᠴᠢᠯᠠᠭᠰᠠᠨ ᠲᠠᠷᠢᠯᠭ᠎ᠠ ᠬᠢᠬᠦ᠂ ᠨᠠᠬᠢᠶᠠᠯᠠᠬᠤ ᠶᠢ ᠲᠦᠷᠭᠡᠳᠬᠡᠬᠦ᠂ ᠤᠷᠤᠰᠬᠠᠯ | ᠤᠰᠤ ᠶᠢ ᠵᠠᠯᠭᠠᠬᠤ ᠵᠡᠷᠭᠡ ᠴᠢᠳᠠᠪᠤᠷᠢ ᠲᠠᠢ᠃ | ︵5︶ ᠰᠠᠭᠤᠷᠢ ᠢᠵᠢ ᠪᠦᠷᠢᠳᠦᠭᠦᠯᠬᠦ ᠢᠨᠵᠧᠨᠧᠷᠢᠩ᠄ ᠠᠷᠢᠭᠤᠨ ᠴᠡᠪᠡᠷ ᠤᠨ ᠲᠠᠰᠤᠯᠭ᠎ᠠ᠂ ᠶᠡᠭᠡ ᠡᠭᠦᠳᠡ᠂ | ᠬᠥᠭᠡᠷᠭᠡ ᠶᠢᠨ ᠬᠡᠷ᠂ ᠴᠠᠬᠢᠯᠭᠠᠨ ᠲᠦᠭᠡᠭᠡᠬᠦ ᠬᠡᠷ᠂ ᠴᠢᠬᠢᠨ ᠬᠡᠷ᠂ ᠭᠠᠯ ᠤᠨᠲᠠᠷᠠᠭᠠᠬᠤ᠂ ᠢᠯᠴᠢ ᠰᠣᠯᠢᠯᠴᠠᠬᠤ | ᠮᠠᠰᠢᠨ ᠴᠣᠭᠴᠠᠯᠠᠪᠤᠷᠢ᠂ ᠡᠰᠢ ᠰᠦᠷᠡᠯ ᠢ ᠬᠡᠮᠬᠡᠯᠬᠦ ᠦᠢᠯᠡᠳᠪᠦᠷᠢ ᠶᠢᠨ ᠲᠠᠰᠤᠭ᠂ ᠬᠦᠷᠢᠶᠡᠯᠡᠩ ᠲᠣᠭᠤᠷᠢᠭ ᠤᠨ | ᠳᠣᠲᠣᠷᠠᠬᠢ ᠬᠠᠲᠠᠭᠤᠷᠠᠭᠤᠯᠬᠤ ᠵᠠᠮ᠂ ᠠᠮᠢ ᠠᠬᠤᠶ ᠶᠢᠨ ᠲᠡᠷᠭᠡ ᠵᠣᠭᠰᠣᠭᠠᠬᠤ ᠪᠠᠶᠢᠷᠢ᠂ ᠬᠠᠲᠠᠭᠠᠬᠤ ᠲᠠᠯᠠᠪᠠᠶ ᠵᠢᠴᠢ | ᠪᠠᠷᠠᠭᠠᠨ ᠤ ᠭᠦᠢᠯᠭᠡᠭᠡᠨ ᠤ ᠲᠡᠷᠭᠡ ᠵᠣᠭᠰᠣᠭᠠᠬᠤ ᠭᠠᠵᠠᠷ᠂ ᠬᠦᠷᠢᠶᠡᠯᠡᠩ ᠲᠣᠭᠤᠷᠢᠭ ᠤᠨ ᠬᠦᠷᠢᠶ᠎ᠡ ᠬᠡᠷᠡᠮ᠂ ᠤᠰᠤ | ᠪᠣᠷᠳᠣᠭᠤᠷ ᠢ ᠨᠢᠭᠡ ᠴᠤᠭᠴᠠᠵᠢᠭᠤᠯᠬᠤ ᠲᠥᠬᠦᠭᠡᠷᠦᠮᠵᠢ ᠶᠢᠨ ᠬᠤᠭᠤᠷᠣᠨᠳᠣᠬᠢ ᠰᠠᠭᠤᠷᠢ ᠵᠡᠷᠭᠡ᠃ | ︵6︶ ᠲᠠᠯᠠᠪᠤᠷ ᠤᠨ ᠭᠠᠳᠠᠨ᠎ᠠ ᠢᠵᠢ ᠪᠥᠷᠢᠳᠦᠭᠦᠯᠦᠭᠰᠡᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ | ᠢᠨᠵᠧᠨᠧᠷᠢᠩ 1000m᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ | ᠬᠤᠭᠤᠴᠠᠭ᠎ᠠ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄ | 1. ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ ᠣᠪᠣᠷ︔ | 2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ | ᠠᠶᠤᠯ ᠲᠦᠭᠰᠢᠭᠦᠷᠢ ᠡᠭᠦᠰᠴᠦ ᠮᠡᠳᠡᠬᠦ︔ | 3. ᠲᠠ ᠲᠤᠰ ᠲᠦᠷᠦᠯ ᠵᠦᠢᠯ ᠢ ᠬᠡᠷᠡᠭᠵᠢᠭᠦᠯᠬᠦ ᠳᠤ ᠶᠠᠮᠠᠷ ᠰᠠᠨᠠᠭᠤᠯᠭ᠎ᠠ ᠪᠠ ᠰᠠᠨᠠᠯ ᠲᠠᠢ ᠪᠠᠶᠢᠬᠤ︔ | ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ | ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠨ ᠵᠢᠱᠢᠬᠦ | ᠨᠢᠭᠡᠴᠡ ᠪᠠᠷ ᠳᠠᠮᠵᠢᠭᠤᠯᠤᠨ ᠤᠲᠠᠰᠤ ᠪᠠᠷ ᠬᠠᠷᠢᠭᠤ ᠲᠤᠰᠬᠠᠬᠤ ᠬᠡᠷᠡᠭᠲᠡᠶ᠃ | ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ | ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠰᠢᠩ ᠾᠧ ᠰᠢᠶᠠᠨ ᠤ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠥᠭᠵᠢᠯᠲᠡ ᠶᠢᠨ ᠲᠥᠪ | ᠬᠠᠷᠢᠯᠴᠠᠬᠤ ᠬᠥᠮᠦᠨ᠄ ᠸᠠᠩ ᠷᠦᠢ | ᠬᠠᠷᠢᠯᠴᠠᠬᠤ ᠤᠲᠠᠰᠤ᠄ 13294746330 | ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠰᠢᠩ ᠾᠧ ᠰᠢᠶᠠᠨ | ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᠵᠥᠩ ᠱᠢ ᠴᠢ ᠶᠠᠨ ᠯᠠᠪᠯᠠᠯᠭ᠎ᠠ ᠶᠢᠨ ᠬᠢᠵᠠᠭᠠᠷᠲᠤ | ᠺᠣᠮᠫᠠᠨᠢ | ᠬᠠᠷᠢᠯᠴᠠᠬᠤ ᠬᠥᠮᠦᠨ᠄ ᠸᠠᠩ ᡁᠢ ᠴᠢᠶᠠᠩ | ᠬᠠᠷᠢᠯᠴᠠᠬᠤ ᠤᠲᠠᠰᠤ᠄ 17600055156 | ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ | ᠲᠣᠭᠤᠷᠢᠭ ᠤᠨ ᠺᠢᠨᠣ᠋ ᠶᠢᠨ ᠦᠢᠯᠡᠳᠪᠦᠷᠢ ᠶᠢᠨ 1 ᠳ᠋ᠦᠭᠡᠷ ᠠᠰᠠᠷ ᠤᠨ 1 ᠳ᠋ᠦᠭᠡᠷ ᠲᠠᠰᠤᠭ 4 ᠳ᠋ᠦᠭᠡᠷ ᠳᠠᠪᠬᠤᠷ ᠤᠨ | 401 ᠥᠷᠥᠭᠡ | ᠵᠠᠷᠯᠠᠨ ᠨᠡᠶᠢᠲᠡᠯᠡᠭᠰᠡᠨ ᠴᠠᠭ᠄ 2024 ᠣᠨ ᠤ 3 ᠰᠠᠷ᠎ᠠ ᠶᠢᠨ 25 ᠤ ᠡᠳᠦᠷ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |