ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠡᡁᠧ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/26
     
     3 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠬᠠᠤᠯᠢ ᠪᠠᠷᠢᠬᠤ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠵᠧᠤ ᠸᠧᠶ ᠪᠢᠩ ᠰᠡᠭᠦᠳᠡᠷᠯᠡᠪᠡ      3 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ ᠳᠤ ᠭᠦᠨᠵᠡᠭᠡᠶᠢᠷᠡᠨ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ᠂ ᠠᠮᠢ ᠠᠬᠤᠶ ᠶᠢᠨ ᠬᠠᠮᠠᠭᠠᠯᠠᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠣᠳᠠᠲᠠᠶ ᠭᠠᠵᠠᠷ ᠲᠤᠨᠢ ᠪᠠᠶᠢᠴᠠᠭᠠᠨ ᠰᠤᠳᠤᠯᠪᠠ᠃      ᠰᠦᠢ ᠸᠧᠢ ᠵᠢᠶᠦ᠋ᠨ ᠬᠤᠸᠠᠩ ᠴᠢ ᠬᠠᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠥᠪ ᠲᠤ ᠬᠦᠷᠴᠦ᠂ ᠬᠤᠸᠠᠩ ᠴᠢ ᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠰᠤᠨ ᠤ ᠴᠢᠨᠠᠷ ᠪᠣᠯᠤᠨ ᠤᠷᠭᠤᠮᠠᠯ ᠤᠨ ᠬᠤᠴᠢᠯᠭ᠎ᠠ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠤᠵᠢᠷᠯᠢᠬ ᠭᠠᠵᠠᠷ ᠢ ᠵᠠᠰᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠠᠭᠠᠯᠠᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃      ᠰᠧ ᠸᠧᠶ ᠠᠮᠢ ᠠᠬᠤᠶ ᠶᠢᠨ ᠭᠦᠵᠡᠯᠵᠡᠭᠡᠨ᠎ᠡ ᠶᠢᠨ ᠤᠷᠭᠤᠮᠠᠯ ᠤᠨ ᠦᠢᠯᠡᠳᠪᠦᠷᠢ᠂ ᠲᠢᠶᠠᠨ ᠵᠢᠶᠧ ᠰᠠᠯᠬᠢᠨ ᠬᠦᠴᠦᠨ ᠤ ᠴᠠᠬᠢᠯᠭᠠᠨ ᠤ ᠡᠨᠧᠷᠭᠢ᠂ ᠶᠦᠩ ᠱᠧᠩ ᠰᠢᠨ᠎ᠡ ᠮᠠᠲ᠋ᠧᠷᠢᠶᠠᠯ᠂  ᠬᠠᠢ ᠲᠠᠢ ᠰᠢᠨ ᠨᠤᠩ ︵ᠰᠢᠩ ᠾᠧ︶ ᠰᠢᠨ᠎ᠡ ᠡᠨᠧᠷᠭᠢ ᠵᠡᠷᠭᠡ ᠺᠣᠮᠫᠠᠨᠢ ᠳᠤ᠂ ᠰᠦᠶ ᠸᠧᠶ ᠵᠢᠶᠦ᠋ᠨ ᠠᠵᠤ ᠠᠬᠤᠶᠢᠯᠠᠯ ᠤᠨ  ᠦᠢᠯᠡᠳᠪᠦᠷᠢᠯᠡᠯ ᠡᠵᠡᠩᠨᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠪᠠ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠤᠳ ᠦᠢᠯᠡᠳᠭᠦᠨ ᠤ ᠤᠷᠠᠯᠠᠯ ᠪᠠ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠥᠪᠡᠷ ᠤᠨ ᠥᠷᠲᠡᠭ ᠢᠶᠠᠨ ᠪᠠᠭᠤᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠨ ᠨᠡᠮᠡᠭᠳᠡᠭᠦᠯᠦᠨ᠂ ᠦᠢᠯᠡᠳᠭᠦᠨ ᠤ ᠭᠤᠤᠯᠯᠠᠬᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠠᠵᠤ ᠠᠬᠤᠶᠢᠯᠠᠯ ᠤᠨ ︽ᠦᠢᠯᠡᠴᠢᠯᠡᠭᠴᠢ︾᠂ ︽ᠪᠣᠷᠣᠯᠠᠭᠤᠯᠤᠭᠴᠢ︾᠂ ︽ᠠᠮᠤᠷ ᠢ ᠬᠠᠮᠠᠭᠠᠯᠠᠭᠴᠢ︾ ᠪᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠶ᠃      ᠰᠢᠩ ᠡᡁᠧ ᠰᠢᠶᠠᠨ ᠤ ᠠᠷᠠᠳ ᠤᠨ ᠰᠢᠭᠦᠬᠦ ᠬᠤᠷᠢᠶ᠎ᠡ ᠳᠤ᠂ ᠰᠦᠢ ᠸᠧᠢ ᠵᠢᠶᠦ᠋ᠨ ᠰᠣᠶᠣᠯ ᠤᠨ ᠤᠷᠳᠤ ᠬᠤᠩᠬᠢᠯ ᠢ ᠲᠣᠭᠤᠷᠢᠨ ᠦᠵᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠠᠰᠤᠭ ᠤᠨ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠶᠢᠨ ᠰᠢᠰᠲᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠲᠥᠯᠥᠭᠡ ᠬᠠᠤᠯᠢ ᠪᠠᠷᠢᠬᠤ ᠬᠠᠯᠠᠭᠤᠨ ᠰᠡᠳᠬᠢᠯᠭᠡ ᠶᠢ ᠤᠯᠠᠨ ᠲᠦᠮᠡᠨ ᠳᠤ ᠦᠨᠡᠨ ᠬᠦ ᠮᠡᠳᠡᠷᠡᠭᠦᠯᠬᠦ ᠬᠡᠷᠡᠭᠲᠡᠶ᠃      ᠰᠢᠩ ᠡᡁᠧ ᠰᠢᠶᠠᠨ ᠤ ᠳ᠋ᠢᠶᠠᠨ ᠽᠢ ᠪᠠᠯᠭᠠᠰᠤᠨ ᠤ ᠳ᠋ᠢᠶᠠᠨ ᠽᠢ ᠲᠣᠰᠬᠤᠨ ᠳᠤ᠂ ᠰᠦᠢ ᠸᠧᠢ ᠵᠢᠶᠦ᠋ᠨ ᠠᠶᠢᠯ ᠡᠷᠦᠭᠡ ᠳᠤ ᠬᠦᠷᠴᠦ ᠰᠤᠷᠪᠤᠯᠵᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠮᠤ ᠪᠤᠳᠠᠭᠠᠨ ᠤ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠲᠠᠷᠢᠶᠠᠴᠢᠨ ᠡᠷᠦᠭᠡ ᠶᠢᠨ ᠦᠢᠯᠡᠳᠪᠦᠷᠢᠯᠡᠯ ᠤᠨ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠲᠠᠷᠢᠶᠠᠴᠢᠳ ᠢ ᠬᠠᠪᠰᠤᠷᠤᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠢ ᠳᠡᠭᠡᠭᠰᠢᠯᠡᠭᠦᠯᠬᠦ ᠬᠡᠷᠡᠭᠲᠡᠶ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠬᠡᠷᠡᠭᠲᠡᠶ᠃      ᠯᠢᠦ ᠭᠦᠸᠧ ᠭᠠᠩ ᠣᠷᠣᠯᠴᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3