3 ᠰᠠᠷ᠎ᠠ ᠶᠢᠨ 25 ᠤ ᠡᠳᠦᠷ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ | ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ | ᠪᠠᠶᠢᠷᠢᠯᠠᠭᠤᠯᠤᠯᠲᠠ ᠶᠢᠨ ᠬᠤᠷᠠᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠯᠲᠡ ᠶᠢᠨ ᠭᠠᠯ | ᠤᠨᠲᠠᠷᠠᠭᠠᠬᠤ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠢᠨ ᠵᠢᠱᠢᠭᠳᠡᠭᠴᠢ ᠹᠦ᠋ | ᠬᠠᠶ ᠶᠠᠨ ᠬᠤᠷᠠᠯ ᠢ ᠡᠷᠭᠢᠯᠡᠪᠡ᠃ | ᠬᠤᠷᠠᠯ ᠠᠴᠠ ︽ᠰᠢᠩ ᠡᡁᠧ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾᠂ ᠤᠢ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠳᠣᠲᠣᠭᠠᠳᠤ ᠶᠢ ᠬᠠᠮᠠᠭᠠᠯᠠᠬᠤ ᠲᠤᠪᠴᠢᠶ᠎ᠡ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠤᠪᠴᠢᠶ᠎ᠡ ᠲᠤᠰ ᠲᠤᠰ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠬᠠᠢ ᠣᠪᠣᠷ ᠢᠶᠠᠨ | ᠢᠯᠡᠳᠬᠡᠬᠦ ᠶᠠᠷᠢᠶ᠎ᠠ ᠲᠠᠯᠪᠢᠵᠠᠢ᠃ | ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢᠶᠠᠨ ᠴᠢᠨᠠᠭᠰᠢᠳᠠ | ᠴᠢᠩᠭᠠᠳᠬᠠᠵᠤ᠂ ︽ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ᠢ ᠨᠠᠷᠢᠨ ᠬᠢᠨᠠᠮᠠᠭᠠᠢ ᠬᠠᠷᠢᠴᠠᠭᠤᠯᠵᠤ᠂ | ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠴᠢᠩᠭᠠᠳᠬᠠᠬᠤ ᠬᠡᠷᠡᠭᠲᠡᠢ︔ ᠦᠵᠡᠯ ᠰᠠᠨᠠᠭᠠᠨ ᠤ ᠲᠠᠯ᠎ᠠ ᠪᠠᠷ᠂ ᠣᠪᠣᠷ ᠤᠨ ᠲᠠᠯ᠎ᠠ ᠪᠠᠷ᠂ ᠰᠤᠷᠲᠠᠯ ᠤᠨ ᠲᠠᠯ᠎ᠠ ᠪᠠᠷ | ᠠᠮᠤᠷ ᠲᠦᠪᠰᠢᠨ ᠤ ᠤᠬᠠᠮᠰᠠᠷ ᠤᠨ ᠲᠤᠯᠭᠠᠮ᠎ᠠ ᠰᠡᠳᠬᠢᠯᠭᠡ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ | ᠭᠤᠣᠯ ᠵᠥᠷᠢᠴᠡᠯ ᠢ ᠠᠳᠬᠤᠵᠤ᠂ ᠠᠮᠤᠷ ᠲᠦᠪᠰᠢᠨ ᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠦᠨ | ᠂ ᠪᠦᠬᠦ ᠲᠠᠯ᠎ᠠ ᠪᠠᠷ᠂ ᠲᠦᠢᠯᠪᠤᠷᠢᠲᠠᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ | ᠲᠦᠷᠦᠯ ︵ ᠬᠦᠷᠢᠶ᠎ᠡ︶ ᠤᠨ ᠠᠳᠡᠯ ᠤᠨ ᠳᠠᠯᠳᠠ ᠭᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ︔ | ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠲᠡᠭᠡᠭᠡᠪᠦᠷᠢ᠂ | ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠣᠯᠠᠨ | ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ︽ᠨᠢᠭᠡ | ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ︾ | ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠮᠤᠷ ᠠᠮᠤᠭᠤᠯᠠᠩ ᠡᠩᠬᠡ ᠲᠠᠶᠢᠪᠤᠩ ᠢ ᠪᠥᠲᠥᠭᠡᠨ | ᠪᠠᠶᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠡᠯ᠎ᠡ ᠵᠦᠢᠯ ᠤᠨ ᠱᠠᠭᠠᠷᠳᠠᠯᠭ᠎ᠠ ᠶᠢ ᠰᠠᠶᠢᠲᠤᠷ | ᠲᠤᠤᠱᠯᠠᠭᠤᠯᠤᠨ ᠰᠠᠶᠢᠲᠤᠷ ᠬᠡᠷᠡᠭᠵᠢᠭᠦᠯᠬᠦ ᠬᠡᠷᠡᠭᠲᠡᠶ︔ ᠬᠢᠨᠠᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ᠠᠶᠤᠯ ᠥᠭᠡᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠠᠶᠤᠯ ᠥᠭᠡᠢ ᠦᠢᠯᠡᠳᠪᠦᠷᠢᠯᠡᠯ ᠤᠨ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠳᠣᠲᠣᠭᠠᠳᠤ ᠶᠢᠨ ᠠᠶᠤᠯ ᠥᠭᠡᠢ ᠦᠢᠯᠡᠳᠪᠦᠷᠢᠯᠡᠯ ᠤᠨ | ᠬᠠᠮᠢᠶᠠᠷᠤᠯᠲᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ ᠠᠪᠬᠤ | ᠪᠣᠭᠤᠮᠲᠠ ᠶᠢ ᠴᠢᠩᠭ᠎ᠠ ᠠᠳᠬᠤᠵᠤ᠂ ︽ᠬᠡᠨ ᠰᠢᠯᠭᠠᠨ ᠠᠪᠤᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠤᠨ | ᠶᠣᠰᠣᠭᠠᠷ᠂ ᠦᠢᠯᠡᠳᠪᠦᠷᠢᠯᠡᠯ ᠢᠶᠠᠨ ᠰᠡᠷᠭᠦᠭᠡᠵᠦ ᠰᠢᠯᠭᠠᠨ ᠠᠪᠬᠤ ᠲᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠳᠡᠭᠡᠳᠦ ᠲᠤᠤᠷᠠᠳᠤ ᠱᠠᠲᠤᠨ ᠤ ᠬᠢᠨ ᠡᠷᠬᠡᠪᠰᠢ | ᠬᠠᠷᠢᠭᠤᠴᠠᠯᠭ᠎ᠠ ᠶᠢᠨ ᠲᠦᠷᠢᠮ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ︽ᠣᠷᠣᠨ ᠨᠤᠲᠤᠭ ᠤᠨ ᠨᠠᠮ | ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ | ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ | ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠣᠯᠤᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ | ᠭᠦᠢᠴᠡᠳᠬᠡᠬᠦ︾ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ | ᠭᠡᠵᠦ ᠱᠠᠭᠠᠷᠳᠠᠪᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ︽ᠨᠠᠢᠮᠠᠨ ᠶᠡᠭᠡ ᠠᠵᠢᠯᠯᠠᠭ᠎ᠠ︾ ᠪᠣᠯᠤᠨ 20 | ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ︽ᠭᠤᠷᠪᠠᠨ | ᠵᠢᠯ ᠤᠨ ᠠᠵᠢᠯᠯᠠᠭ᠎ᠠ ᠶᠢᠨ ᠲᠥᠰᠦᠯ︾ ᠢ ᠪᠠᠷᠢᠮᠲᠠᠯᠠᠵᠤ᠂ 5 ᠲᠦᠷᠦᠯ ᠤᠨ ᠳᠤᠪᠤᠶᠢᠮ᠎ᠠ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠪᠣᠳᠠᠲᠠᠶᠢᠵᠢᠭᠤᠯᠵᠤ | ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠢᠳᠡᠪᠬᠢᠲᠡᠢ ᠤᠬᠠᠭᠤᠯᠵᠤ᠂ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠬᠦᠨᠳᠦ ᠶᠡᠭᠡ ᠭᠡᠮ ᠰᠣᠭᠤᠭ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠢᠯᠡᠴᠢᠯᠡᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠶᠢ ᠲᠠᠯᠬᠢᠳᠠᠵᠤ | ᠪᠣᠯᠤᠰᠢ ᠦᠭᠡᠢ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠫᠠᠨ ᠸᠧᠨ᠂ ᠵᠤᠤ ᠬᠤᠢ ᠵᠢᠤᠢ᠂ ᠭᠦᠩ ᠰᠢᠤ ᠯᠦᠩ ᠬᠤᠷᠠᠯ ᠳᠤ ᠣᠷᠣᠯᠴᠠᠵᠠᠢ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |