ᠰᠢᠶᠠᠨ ᠤ ᠵᠠᠰᠠᠭ ᠤᠨ ᠣᠷᠳᠣᠨ 2024 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
      3 ᠰᠠᠷ᠎ᠠ ᠶᠢᠨ 25᠎ ᠤ ᠡᠳᠦᠷ᠂ ᠰᠢᠶᠠᠨ ᠤ ᠵᠠᠰᠠᠭ ᠤᠨ ᠣᠷᠳᠣᠨ 2024 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠢᠨ ᠵᠢᠱᠢᠭᠳᠡᠭᠴᠢ ᠹᠦ᠋ ᠬᠠᠶ ᠶᠠᠨ ᠬᠤᠷᠠᠯ ᠡᠷᠭᠢᠯᠡᠪᠡ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠤᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ᠂ ᠬᠤᠲᠠ ᠶᠢᠨ ᠵᠠᠰᠠᠭ ᠤᠨ ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠯᠠᠪᠳᠠᠭᠤᠨ ᠴᠢᠩᠭ᠎ᠠ ᠪᠠᠶᠢᠬᠤ ᠦᠨᠳᠦᠰᠦᠨ ᠬᠥᠭ ᠠᠶᠠᠰ᠂ ᠪᠣᠳᠠᠲᠠᠶ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠰᠢᠰᠲᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠪᠣᠯᠤᠨ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠢᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ ︾᠎ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠩ ᠡᡁᠧ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ  ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠯ ᠲᠠᠢ ᠠᠮᠠᠯᠠᠯᠲᠠ ᠪᠠᠨ ᠦᠢᠯᠡᠳᠦᠯᠭᠡᠵᠢᠭᠦᠯᠬᠦ ᠲᠠᠯ᠎ᠠ ᠪᠠᠷ ᠦᠨᠡᠨ ᠲᠦᠷᠢᠮ ᠢ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠪᠠᠷ ᠦᠨᠡᠨ ᠪᠣᠳᠠᠲᠠᠢ ᠠᠵᠢᠯᠯᠠᠨ᠂ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ᠂ ᠰᠢᠰᠲ᠋ᠧᠮ ᠲᠠᠢ ᠪᠠᠷ ᠵᠠᠰᠠᠵᠤ᠂ ᠢᠯᠵᠠᠷᠠᠯ ᠤᠨ ᠠᠰᠠᠭᠤᠳᠠᠯ ᠢ ᠴᠢᠩᠭ᠎ᠠ ᠰᠡᠷᠭᠡᠶᠢᠯᠡᠨ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠵᠠᠰᠠᠭ ᠤᠨ ᠣᠷᠳᠣᠨ ᠤ ᠰᠢᠰᠲᠧᠮ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠰᠲᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢ ᠬᠦᠴᠦᠯᠡᠨ ᠴᠢᠩᠭᠠᠳᠬᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3