ᠰᠢᠩ ᠾᠧ ᠰᠢᠶᠠᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2024/3/27
     2023 ᠣᠨ ᠳᠤ ᠰᠢᠩ ᠾᠧ ᠰᠢᠶᠠᠨ ᠳᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 3 ︵ᠳ᠋ᠠ ᠲᠦᠩ ᠶᠣᠣ ᠰᠢᠶᠠᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠴᠧᠩ ᠭᠤᠸᠠᠨ ᠪᠠᠯᠭᠠᠰᠤᠨ ᠤ ᠰᠢᠩ ᠱᠧᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠡᠷᠳᠡᠨᠢ ᠪᠠᠯᠭᠠᠰᠤᠨ ᠤ ᠮᠦ ᠳ᠋ᠦᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ︶᠎ ᠢ ᠰᠢᠨ᠎ᠡ ᠪᠠᠷ ᠪᠠᠶᠢᠭᠤᠯᠪᠠ᠃ ᠭᠠᠴᠠᠭᠠᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 23 ᠰᠢᠨ᠎ᠡ ᠪᠠᠷ ᠪᠠᠶᠢᠭᠤᠯᠪᠠ᠃ ᠬᠦᠳᠡᠭᠡ ᠲᠣᠰᠬᠤᠨ ᠤ ᠬᠠᠷᠢᠯᠴᠠᠨ ᠬᠠᠪᠰᠣᠷᠣᠯᠴᠠᠬᠤ ᠨᠠᠰᠣᠵᠢᠯ ᠤᠨ ᠵᠢᠷᠭᠠᠯᠠᠩᠳᠦ ᠬᠦᠷᠢᠶᠡᠯᠡᠩ ᠤᠨ 3 ᠦᠢᠯᠡᠴᠢᠯᠡᠭᠡᠨ ᠤ ᠴᠢᠳᠠᠮᠵᠢ ᠶᠢ ᠦᠷᠭᠡᠳᠭᠡᠨ ᠳᠡᠭᠡᠭᠰᠢᠯᠡᠬᠦᠯᠦᠨ᠎ᠡ᠃ ᠣᠲᠣ ᠪᠣᠯᠲᠠᠯ᠎ᠠ᠂ ᠪᠥᠬᠦ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ 5 ᠪᠠᠶᠢᠵᠤ᠂ ᠣᠲᠣ 546 ᠣᠷᠣ ᠲᠠᠢ᠂ ᠣᠲᠣ 204 ᠬᠥᠮᠦᠨ ᠣᠷᠣᠵᠤ ᠰᠠᠭᠤᠵᠠᠶ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠲᠡᠭᠡᠳ ᠲᠤ ᠨᠡᠶᠢᠲᠡ 3212 ᠬᠥᠮᠦᠨ ᠪᠠᠶᠢᠵᠤ᠂ ᠡᠭᠦᠨ ᠳᠤ 134 ᠬᠥᠮᠦᠨ ᠢ ᠲᠥᠪᠯᠡᠷᠡᠭᠦᠯᠦᠨ ᠠᠰᠠᠷᠠᠨ ᠲᠡᠵᠢᠭᠡᠵᠦ᠂ 3078 ᠬᠥᠮᠦᠨ ᠢ ᠰᠠᠯᠭᠠᠨ ᠠᠰᠠᠷᠠᠨ ᠲᠡᠵᠢᠭᠡᠪᠡ᠃           ᠢᠷᠡᠯᠲᠡ᠄  ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ            ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3