ᠬᠤᠶᠢᠯᠭ᠎ᠠ ᠶᠢᠨ ᠴᠠᠭᠠᠰᠤ ᠬᠤᠶᠢᠯᠭ᠎ᠠ ᠶᠢᠨ ᠴᠠᠭᠠᠰᠤᠨ ᠵᠣᠭᠤᠰ ᠵᠡᠷᠭᠡ ᠳᠠᠬᠢᠯᠭ᠎ᠠ ᠶᠢᠨ ᠬᠡᠷᠡᠭᠰᠡᠯ ᠢ ᠦᠢᠯᠡᠳᠪᠦᠷᠢᠯᠡᠬᠦ᠂ ᠵᠥᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/3/27
      ᠪᠣᠯᠪᠠᠰᠤᠨ ᠳᠠᠬᠢᠯᠭ᠎ᠠ ᠶᠢ ᠢᠳᠡᠪᠬᠢᠲᠡᠶ ᠰᠠᠨᠠᠭᠠᠴᠢᠯᠠᠨ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠣᠷᠣᠰᠢᠭᠤᠯᠭ᠎ᠠ ᠪᠣᠯᠤᠨ ᠳᠠᠬᠢᠯᠭ᠎ᠠ ᠶᠢᠨ ᠪᠣᠯᠬᠢ ᠳᠠᠳᠬᠠᠯ ᠢ ᠲᠠᠶᠠᠭᠳᠠᠵᠤ᠂ ᠬᠤᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠣᠶ ᠰᠢᠭᠤᠶ ᠨᠤᠲᠤᠭ ᠪᠡᠯᠴᠢᠭᠡᠷ ᠵᠡᠷᠭᠡ ᠭᠠᠯ ᠤᠨ ᠭᠠᠮᠰᠢᠭ ᠤᠨ ᠳᠠᠯᠳᠠ ᠬᠡᠮ ᠢ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾ ᠵᠢᠴᠢ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠰᠤᠳᠤᠯᠤᠭᠠᠳ᠂ ᠪᠥᠬᠦ ᠰᠢᠶᠠᠨ ᠤ ᠬᠡᠪᠴᠢᠶᠡᠨ ᠳᠤ ᠬᠤᠶᠢᠯᠭ᠎ᠠ ᠶᠢᠨ ᠴᠠᠭᠠᠰᠤ ᠬᠤᠶᠢᠯᠭ᠎ᠠ ᠶᠢᠨ ᠴᠠᠭᠠᠰᠤᠨ ᠵᠣᠭᠤᠰ ᠵᠡᠷᠭᠡ ᠳᠠᠬᠢᠯᠭ᠎ᠠ ᠶᠢᠨ ᠬᠡᠷᠡᠭᠰᠡᠯ ᠢ ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠶᠢ ᠴᠢᠩᠭ᠎ᠠ ᠴᠠᠭᠠᠵᠠᠯᠠᠬᠤ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ  ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ᠂ ᠴᠠᠭᠠᠰᠤᠨ ᠪᠣᠭᠤᠯᠲᠠ ᠵᠡᠷᠭᠡ ᠳᠠᠬᠢᠯᠭ᠎ᠠ ᠶᠢᠨ ᠬᠡᠷᠡᠭᠰᠡᠯ ᠢ ᠦᠢᠯᠡᠳᠪᠦᠷᠢᠯᠡᠬᠦ᠂ ᠪᠣᠷᠣᠯᠠᠭᠤᠯᠬᠤ ᠶᠢ ᠴᠠᠭᠠᠵᠠᠯᠠᠨ᠎ᠠ᠃  ᠬᠤᠶᠢᠯᠭ᠎ᠠ ᠶᠢᠨ ᠴᠠᠭᠠᠰᠤ ᠬᠤᠶᠢᠯᠭ᠎ᠠ ᠶᠢᠨ ᠴᠠᠭᠠᠰᠤᠨ ᠵᠣᠭᠤᠰ᠂ ᠴᠠᠭᠠᠰᠤᠨ ᠪᠣᠭᠤᠯᠲᠠ ᠵᠡᠷᠭᠡ ᠳᠠᠬᠢᠯᠭ᠎ᠠ ᠶᠢᠨ ᠬᠡᠷᠡᠭᠰᠡᠯ ᠢ  ᠦᠢᠯᠡᠳᠪᠦᠷᠢᠯᠡᠵᠦ ᠡᠳ᠋ᠰᠢᠭᠦᠯᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃      ᠬᠤᠶᠠᠷ᠂ ᠶᠠᠮᠠᠷᠪᠠ ᠬᠥᠮᠦᠨ ᠤ ᠡᠭᠦᠳᠡᠨ ᠳᠡᠯᠭᠡᠭᠦᠷ᠂ ᠵᠠᠮ ᠤᠨ ᠬᠠᠵᠠᠭᠤ ᠵᠡᠷᠭᠡ ᠠᠯᠢᠪᠠ ᠲᠠᠯᠠᠪᠤᠷ ᠲᠤ ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ᠂ ᠴᠠᠭᠠᠰᠤᠨ ᠪᠣᠭᠤᠯᠲᠠ ᠵᠡᠷᠭᠡ ᠳᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠶᠢ ᠴᠠᠭᠠᠵᠠᠯᠠᠵᠤ᠂ ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ᠂ ᠴᠠᠭᠠᠰᠤᠨ ᠪᠣᠭᠤᠯᠲᠠ ᠵᠡᠷᠭᠡ ᠳᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠤᠷᠢᠶᠠᠨ ᠠᠪᠤᠨ᠎ᠠ᠃ ᠬᠤᠷᠢᠶᠠᠵᠤ ᠠᠪᠤᠭᠰᠠᠨ ᠪᠤᠢ ᠪᠦᠬᠦᠢ ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ᠂ ᠴᠠᠭᠠᠰᠤ ᠪᠠᠷ ᠬᠠᠳᠬᠤᠭᠰᠠᠨ ᠪᠣᠳᠠᠲᠤ ᠶᠠᠭᠤᠮ᠎ᠠ ᠵᠡᠷᠭᠡ ᠶᠢ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠪᠠᠶᠢᠭᠠᠳ ᠬᠤᠣᠷ ᠦᠭᠡᠶᠢᠵᠢᠬᠦᠯᠦᠨ ᠤᠰᠠᠳᠬᠠᠵᠤ  ᠰᠢᠢᠳᠪᠦᠷᠢᠯᠡᠨ᠎ᠡ᠃      ᠭᠤᠷᠪᠠ᠂ ᠪᠤᠯᠠᠰᠢᠨ ᠭᠠᠵᠠᠷ᠂ ᠵᠠᠮ᠂ ᠠᠭᠤᠳᠠᠮ ᠲᠠᠯᠠᠪᠠᠢ᠂ ᠤᠯᠠᠨ ᠨᠡᠶᠢᠲᠡ ᠶᠢᠨ ᠨᠣᠭᠤᠭᠠᠨ ᠭᠠᠵᠠᠷ᠂ ᠰᠠᠭᠤᠭᠠᠯᠢ ᠠᠷᠠᠳ ᠤᠨ ᠲᠣᠭᠤᠷᠢᠭ᠂ ᠴᠡᠴᠡᠷᠯᠢᠭ ᠵᠡᠷᠭᠡ ᠶᠠᠮᠠᠷᠪᠠ ᠵᠠᠳᠠᠭᠠᠶ ᠭᠠᠵᠠᠷ ᠲᠤ ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ ᠵᠡᠷᠭᠡ ᠳᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠠᠭᠠᠵᠠᠯᠠᠨ᠎ᠠ᠃ ᠳᠡᠭᠡᠷᠡᠬᠢ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠳᠬᠠᠨ ᠬᠤᠷᠢᠭᠯᠠᠬᠤ ᠪᠠ ᠬᠤᠷᠢᠭᠯᠠᠬᠤ ᠬᠡᠷᠡᠭᠲᠡᠶ᠃ ᠶᠠᠮᠠᠷᠪᠠ ᠬᠤᠪᠢ ᠬᠥᠮᠦᠨ ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ ᠢ ᠰᠢᠲᠠᠭᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ ᠪᠥᠭᠡᠳ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠬᠦ ᠡᠷᠬᠡ ᠲᠠᠢ᠃      ᠲᠦᠷᠪᠡ᠂ ᠶᠠᠮᠠᠷᠪᠠ ᠨᠢᠭᠡᠴᠢ ᠪᠠ ᠬᠤᠪᠢ ᠬᠥᠮᠦᠨ ᠤ ᠬᠤᠶᠢᠯᠭ᠎ᠠ ᠶᠢᠨ ᠴᠠᠭᠠᠰᠤ᠂ ᠬᠤᠶᠢᠯᠭ᠎ᠠ ᠶᠢᠨ ᠴᠠᠭᠠᠰᠤᠨ ᠵᠣᠭᠤᠰ᠂ ᠴᠠᠭᠠᠰᠤᠨ ᠪᠣᠭᠤᠯᠲᠠ ᠵᠡᠷᠭᠡ ᠲᠠᠬᠢᠯᠭ᠎ᠠ ᠶᠢᠨ ᠬᠡᠷᠡᠭᠰᠡᠯ ᠢ ᠦᠢᠯᠡᠳᠬᠦ᠂ ᠪᠣᠷᠣᠯᠠᠭᠤᠯᠬᠤ ᠳᠤ ᠵᠥᠭᠡᠭᠡᠪᠦᠷᠢ ᠶᠢᠨ ᠲᠡᠷᠭᠡ ᠬᠥᠰᠬᠡ ᠬᠠᠩᠭᠠᠬᠤ ᠶᠢ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠶᠠᠪᠤᠴᠠ ᠳᠤ ᠳᠡᠭᠡᠷ᠎ᠡ ᠳᠤᠷᠠᠳᠤᠭᠰᠠᠨ‌ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠲᠡᠭᠡᠭᠡᠪᠦᠷᠢ ᠶᠢᠨ ᠲᠡᠷᠭᠡ ᠬᠥᠰᠬᠡ ᠶᠢ ᠴᠢᠩᠭ᠎ᠠ ᠪᠠᠶᠢᠴᠠᠭᠠᠵᠤ᠂ ᠲᠡᠭᠡᠭᠡᠪᠦᠷᠢ ᠶᠢᠨ ᠳᠠᠬᠢᠯᠭ᠎ᠠ ᠶᠢᠨ ᠬᠡᠷᠡᠭᠰᠡᠯ ᠢ ᠬᠤᠷᠢᠶᠠᠨ ᠠᠪᠤᠨ᠎ᠠ᠃      ᠲᠠᠪᠤ᠂ ᠲᠤᠰ ᠵᠠᠷᠯᠠᠯ ᠢ ᠵᠥᠷᠢᠴᠡᠵᠦ᠂ ᠬᠠᠤᠯᠢ ᠬᠡᠷᠡᠭᠵᠢᠭᠦᠯᠬᠦ ᠠᠵᠢᠯᠳᠠᠨ ᠤ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ  ᠰᠢᠢᠳᠭᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠭᠡᠨ᠎ᠡ︔ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠤᠯᠵᠦ ᠪᠦᠷᠢᠯᠳᠦᠭᠰᠡᠨ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ  ᠰᠢᠢᠳᠪᠦᠷᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠰᠢᠯᠵᠢᠭᠦᠯᠦᠨ ᠥᠭᠴᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃      ᠵᠢᠷᠭᠤᠭ᠎ᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠢᠯᠡᠴᠢᠯᠡᠨ ᠮᠡᠳᠡᠭᠦᠯᠬᠦ ᠤᠲᠠᠰᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 0474 — 7212556      ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 0474 — 7212178                        ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                         2024 ᠣᠨ ᠤ 3 ᠰᠠᠷ᠎ᠠ ᠶᠢᠨ 11 ᠤ  ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3