ᠰᠢᠩ ᠾᠧ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/28
      ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ ᠲᠦᠮᠡᠨ ᠤ ᠣᠶ ᠰᠢᠭᠤᠶ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ 3 ᠰᠠᠷ᠎ᠠ ᠶᠢᠨ 27 ᠤ ᠡᠳᠦᠷ᠂ ᠰᠢᠩ ᠾᠧ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠬᠠᠮᠲᠤᠷᠠᠨ ︽ᠣᠶ ᠰᠢᠭᠤᠶ ᠶᠢᠨ ᠭᠠᠯ ᠤᠨ ᠭᠠᠮᠰᠢᠭ ᠢ ᠰᠡᠷᠭᠡᠶᠢᠯᠡᠨ ᠪᠣᠬᠢᠷᠲᠤᠯ ᠥᠬᠡᠶ ᠬᠡᠷ ᠣᠷᠣᠨ ᠢ ᠬᠠᠮᠠᠭᠠᠯᠠᠵᠤ ᠠᠮᠢ ᠠᠬᠤᠶ ᠶᠢᠨ ᠬᠠᠯᠬᠠᠪᠴᠢ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃      ᠠᠵᠢᠯᠯᠠᠭ᠎ᠠ ᠨᠢ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ᠂ ᠦᠵᠡᠭᠦᠯᠦᠯᠭᠡ ᠶᠢᠨ ᠰᠠᠮᠪᠠᠷ᠎ᠠ ᠲᠠᠷᠬᠠᠭᠠᠬᠤ ᠵᠡᠷᠭᠡ ᠬᠡᠯᠪᠡᠷᠢ ᠪᠠᠷ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠭᠠᠯ ᠤᠨ ᠭᠠᠮᠰᠢᠭ ᠤᠨ ᠳᠠᠯᠳᠠ ᠬᠡᠮ ᠪᠠ ᠣᠶ ᠰᠢᠭᠤᠶ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠤᠭᠤᠲᠠ᠂ ᠬᠡᠭᠡᠷ᠎ᠡ ᠭᠠᠳᠠᠨ᠎ᠠ ᠬᠡᠷᠡᠭᠯᠡᠬᠦ ᠶᠢ ᠴᠠᠭᠠᠵᠠᠯᠠᠭᠰᠠᠨ ᠭᠠᠯ ᠤᠨ ᠲᠥᠷᠥᠯ ᠤᠨ ᠵᠢᠷᠤᠭ ᠤᠨ ᠤᠬᠠᠭᠤᠯᠭ᠎ᠠ ᠶᠢᠨ ᠳᠡᠪᠲᠡᠷ ᠵᠡᠷᠭᠡ ᠭᠠᠯ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠎ᠠ᠃ ᠲᠥᠬᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠣᠯᠠᠨ ᠢ ᠦᠨᠡᠨ ᠬᠦ ︽ᠴᠡᠭᠡᠵᠢᠯᠡᠵᠦ ᠳᠡᠶᠢᠯᠬᠦ᠂ ᠰᠡᠷᠭᠡᠶᠢᠯᠡᠬᠦ ᠶᠢ ᠮᠡᠳᠡᠬᠦ︾ ᠪᠣᠯᠭᠠᠵᠤ᠂ ᠣᠶ ᠰᠢᠭᠤᠶ ᠶᠢ ᠬᠠᠮᠠᠭᠠᠯᠠᠨ ᠭᠠᠯ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠭᠠᠯ ᠤᠨ ᠠᠶᠤᠯ ᠢ ᠰᠡᠷᠭᠡᠶᠢᠯᠡᠬᠦ ᠳᠤ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3