3 ᠰᠠᠷ᠎ᠠ ᠶᠢᠨ 28 ᠤ ᠡᠳᠦᠷ᠂ ᠴᠧᠩ ᠭᠤᠸᠠᠨ ᠪᠠᠯᠭᠠᠰᠤᠨ ᠤ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠯᠥᠭᠡᠯᠡᠭᠴᠢᠳ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠪᠦᠬᠦ ᠪᠠᠯᠭᠠᠰᠤᠨ ᠤ 34 ᠡᠪᠯᠡᠯ ᠤᠨ ᠭᠡᠰᠢᠭᠦᠨ ᠤ ᠲᠥᠯᠥᠭᠡᠯᠡᠭᠴᠢ ᠶᠢ ᠰᠣᠩᠭᠤᠨ ᠬᠤᠷᠠᠯ ᠳᠤ | ᠣᠷᠣᠯᠴᠠᠭᠤᠯᠪᠠ᠃ | ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠬᠤᠷᠢᠶ᠎ᠡ ᠶᠢᠨ ︽ᠡᠪ ᠬᠠᠮᠲᠤ | ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠭᠰᠠᠨ ᠪᠥᠭᠡᠳ ᠡᠪᠯᠡᠯ ᠤᠨ ᠭᠡᠰᠢᠭᠦᠳ ᠤᠨ ᠲᠥᠯᠥᠭᠡᠯᠡᠭᠴᠢᠳ ᠢ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠲᠥᠯᠥᠭᠡᠯᠡᠭᠴᠢ ᠶᠢ ᠰᠣᠩᠭᠤᠬᠤ ᠠᠵᠢᠯ ᠢ | ᠰᠠᠶᠢᠲᠤᠷ ᠬᠢᠬᠦ ᠶᠢ ᠬᠦᠰᠡᠪᠡ᠃ | ᠶᠡᠭᠡ ᠬᠤᠷᠠᠯ ᠠᠴᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ | ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠴᠧᠩ ᠭᠤᠸᠠᠨ ᠪᠠᠯᠭᠠᠰᠤᠨ ᠤ ᠲᠥᠯᠥᠭᠡᠯᠡᠭᠴᠢ ᠶᠢ ᠰᠣᠩᠭᠤᠬᠤ | ᠠᠷᠭ᠎ᠠ︾ ᠶᠢ ᠪᠠᠲᠤᠯᠠᠵᠤ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠰᠣᠩᠭᠤᠭᠤᠯᠢ ᠶᠢᠨ ᠲᠡᠰ | ᠳᠠᠷᠠᠭᠠᠯᠠᠯ ᠢ ᠴᠢᠩᠭ᠎ᠠ ᠵᠢᠷᠤᠮᠯᠠᠨ᠂ ᠨᠢᠭᠤᠴᠠ ᠰᠣᠩᠭᠤᠭᠤᠯᠢ ᠶᠢᠨ ᠠᠷᠭ᠎ᠠ ᠪᠠᠷ 7 ᠨᠡᠷᠡᠰ ᠡᠪ ᠬᠠᠮᠲᠤ ᠵᠠᠯᠠᠭᠤᠴᠤᠳ ᠤᠨ | ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠲᠣᠭᠠᠨ ᠤ ᠵᠥᠷᠢᠶᠡᠲᠦ ᠰᠣᠩᠭᠤᠭᠤᠯᠢ ᠪᠠᠷ ᠰᠣᠩᠭᠤᠨ ᠭᠠᠷᠭᠠᠵᠤ᠂ ᠰᠣᠩᠭᠤᠭᠤᠯᠢ ᠶᠢᠨ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠪᠡ᠃ | ᠬᠤᠷᠠᠯ ᠠᠴᠠ ᠱᠠᠭᠠᠷᠳᠠᠭᠰᠠᠨ ᠨᠢ᠂ ᠰᠣᠩᠭᠤᠭᠳᠠᠭᠰᠠᠨ ᠲᠥᠯᠥᠭᠡᠯᠡᠭᠴᠢᠳ ᠲᠥᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ | ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠧᠩ ᠭᠤᠸᠠᠨ ᠪᠠᠯᠭᠠᠰᠤᠨ ᠤ ᠵᠠᠯᠠᠭᠤᠴᠤᠳ ᠤᠨ ᠡᠪᠯᠡᠯ ᠤᠨ ᠭᠡᠰᠢᠭᠦᠨ ᠤ ᠰᠠᠶᠢᠨ | ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠠᠮᠤᠭ ᠤᠨ ᠰᠡᠭᠦᠯ ᠳᠤ᠂ ᠰᠢᠨ᠎ᠡ ᠪᠠᠷ ᠲᠣᠮᠢᠯᠠᠭᠳᠠᠭᠰᠠᠨ ᠡᠪᠯᠡᠯ ᠤᠨ ᠭᠡᠰᠢᠭᠦᠨ ᠤ ᠲᠥᠯᠥᠭᠡᠯᠡᠭᠴᠢᠳ ᠲᠤ ᠭᠤᠷᠪᠠᠨ | ᠬᠦᠰᠡᠯ ᠲᠠᠯᠪᠢᠪᠠ᠄ ᠨᠢᠭᠡ ᠳᠤ ᠴᠢᠳᠠᠮᠠᠭᠠᠶ ᠪᠠᠷ ᠰᠤᠷᠤᠯᠴᠠᠵᠤ᠂ ᠥᠪᠡᠷ ᠤᠨ ᠪᠡᠶ᠎ᠡ ᠠᠴᠠ ᠪᠠᠨ ᠳᠠᠪᠠᠭ᠋ᠤ᠃ ᠰᠤᠷᠤᠯᠴᠠᠬᠤ | ᠦᠶ᠎ᠡ ᠶᠢᠨ ᠪᠤᠳᠤᠯ ᠢᠶᠠᠷ ᠢᠶᠠᠨ ᠵᠠᠯᠠᠭᠤᠴᠤᠳ ᠤᠨ ᠠᠵᠢᠯ ᠤᠨ ᠳᠤᠮᠳᠠᠬᠢ ᠰᠢᠨ᠎ᠡ ᠠᠰᠠᠭᠤᠳᠠᠯ ᠢ ᠢᠯᠡᠷᠡᠭᠦᠯᠵᠦ᠂ | ᠶᠡᠷᠦᠩᠬᠡᠶᠢᠯᠡᠭᠰᠡᠨ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠦᠴᠦᠯᠡᠨ ᠴᠢᠷᠮᠠᠶᠢᠵᠤ | ᠠᠵᠢᠯ ᠦᠢᠯᠡᠰ ᠢ ᠪᠦᠲᠦᠭᠡᠵᠦ᠂ ᠠᠵᠢᠯ ᠢᠶᠠᠨ ᠥᠷᠭᠡᠳᠬᠡᠬᠦ ᠬᠡᠷᠡᠭᠲᠡᠶ᠃ ᠵᠠᠩᠭᠢᠯᠠᠭ᠎ᠠ ᠶᠢᠨ ᠦᠶ᠎ᠡ ᠳᠤ ᠰᠢᠪᠲᠤᠯᠤᠨ ᠭᠠᠷᠬᠤ᠂ | ᠬᠦᠴᠢᠷ ᠪᠡᠷᠬᠡᠰᠢᠶᠡᠯ ᠤᠨ ᠡᠮᠦᠨ᠎ᠡ ᠤᠬᠤᠷᠢᠬᠤ ᠦᠭᠡᠢ᠂ ᠠᠶᠤᠯ ᠲᠦᠭᠰᠢᠭᠦᠷᠢ ᠲᠠᠢ ᠦᠶ᠎ᠡ ᠳᠤ ᠡᠷᠳᠡᠮ ᠴᠢᠳᠠᠪᠤᠷᠢ ᠪᠠᠨ | ᠢᠯᠡᠷᠡᠭᠦᠯᠬᠦ ᠦᠵᠡᠯ ᠰᠠᠨᠠᠭᠠᠨ ᠤ ᠪᠡᠯᠡᠳᠬᠡᠯ ᠲᠠᠢ ᠪᠠᠶᠢᠬᠤ ᠬᠡᠷᠡᠭᠲᠡᠶ᠃ ᠭᠤᠷᠪᠠ ᠳᠤ ᠴᠤᠬ ᠵᠢᠪᠬᠤᠭ᠎ᠠ ᠲᠠᠢ᠂ ᠴᠤᠬ | ᠵᠢᠪᠬᠤᠭ᠎ᠠ ᠲᠠᠢ ᠪᠠᠶᠢᠬᠤ ᠬᠡᠷᠡᠭᠲᠡᠶ᠃ ︽ᠳᠥᠷᠪᠡᠨ ᠤᠬᠠᠮᠰᠠᠷ︾ ᠢ ᠢᠮᠠᠭᠲᠠ ᠴᠢᠩᠭᠠᠳᠬᠠᠵᠤ᠂ ︽ᠳᠥᠷᠪᠡᠨ ᠢᠲᠡᠭᠡᠯ︾ ᠢ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠨ᠎ᠠ᠃ | | ᠵᠤᠬᠢᠶᠠᠭᠴᠢ᠄ ᠴᠧᠩ ᠭᠤᠸᠠᠨ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |