ᠴᠧᠩ ᠭᠤᠸᠠᠨ ᠪᠠᠯᠭᠠᠰᠤ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 28᠎ ᠤ ᠡᠳᠦᠷ᠂ ᠴᠧᠩ ᠭᠤᠸᠠᠨ ᠪᠠᠯᠭᠠᠰᠤᠨ ᠤ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠯᠥᠭᠡᠯᠡᠭᠴᠢᠳ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠾᠧ ᠰᠢᠶᠠᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠪᠠᠯᠭᠠᠰᠤᠨ ᠤ 34 ᠡᠪᠯᠡᠯ ᠤᠨ ᠭᠡᠰᠢᠭᠦᠨ ᠤ ᠲᠥᠯᠥᠭᠡᠯᠡᠭᠴᠢ ᠶᠢ ᠰᠣᠩᠭᠤᠨ ᠬᠤᠷᠠᠯ ᠳᠤ ᠣᠷᠣᠯᠴᠠᠭᠤᠯᠪᠠ᠃      ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠬᠤᠷᠢᠶ᠎ᠡ ᠶᠢᠨ ︽ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠲᠤᠬᠠᠢ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠡᠪᠯᠡᠯ ᠤᠨ ᠭᠡᠰᠢᠭᠦᠳ ᠤᠨ ᠲᠥᠯᠥᠭᠡᠯᠡᠭᠴᠢᠳ ᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠲᠥᠯᠥᠭᠡᠯᠡᠭᠴᠢ ᠶᠢ ᠰᠣᠩᠭᠤᠬᠤ ᠠᠵᠢᠯ ᠢ ᠰᠠᠶᠢᠲᠤᠷ ᠬᠢᠬᠦ ᠶᠢ ᠬᠦᠰᠡᠪᠡ᠃      ᠶᠡᠭᠡ ᠬᠤᠷᠠᠯ ᠠᠴᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠴᠧᠩ ᠭᠤᠸᠠᠨ ᠪᠠᠯᠭᠠᠰᠤᠨ ᠤ ᠲᠥᠯᠥᠭᠡᠯᠡᠭᠴᠢ ᠶᠢ ᠰᠣᠩᠭᠤᠬᠤ ᠠᠷᠭ᠎ᠠ︾᠎ ᠶᠢ ᠪᠠᠲᠤᠯᠠᠵᠤ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠰᠣᠩᠭᠤᠭᠤᠯᠢ ᠶᠢᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ᠂ ᠨᠢᠭᠤᠴᠠ ᠰᠣᠩᠭᠤᠭᠤᠯᠢ ᠶᠢᠨ ᠠᠷᠭ᠎ᠠ ᠪᠠᠷ 7 ᠨᠡᠷᠡᠰ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠲᠣᠭᠠᠨ ᠤ ᠵᠥᠷᠢᠶᠡᠲᠦ ᠰᠣᠩᠭᠤᠭᠤᠯᠢ ᠪᠠᠷ ᠰᠣᠩᠭᠤᠨ ᠭᠠᠷᠭᠠᠵᠤ᠂ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠬᠤᠷᠠᠯ ᠠᠴᠠ  ᠱᠠᠭᠠᠷᠳᠠᠭᠰᠠᠨ ᠨᠢ᠂ ᠰᠣᠩᠭᠤᠭᠳᠠᠭᠰᠠᠨ ᠲᠥᠯᠥᠭᠡᠯᠡᠭᠴᠢᠳ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠩ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠧᠩ ᠭᠤᠸᠠᠨ ᠪᠠᠯᠭᠠᠰᠤᠨ ᠤ ᠵᠠᠯᠠᠭᠤᠴᠤᠳ ᠤᠨ ᠡᠪᠯᠡᠯ ᠤᠨ ᠭᠡᠰᠢᠭᠦᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠠᠮᠤᠭ ᠤᠨ ᠰᠡᠭᠦᠯ ᠳᠤ᠂ ᠰᠢᠨ᠎ᠡ ᠪᠠᠷ ᠲᠣᠮᠢᠯᠠᠭᠳᠠᠭᠰᠠᠨ ᠡᠪᠯᠡᠯ ᠤᠨ ᠭᠡᠰᠢᠭᠦᠨ ᠤ ᠲᠥᠯᠥᠭᠡᠯᠡᠭᠴᠢᠳ ᠲᠤ ᠭᠤᠷᠪᠠᠨ ᠬᠦᠰᠡᠯ ᠲᠠᠯᠪᠢᠪᠠ᠄ ᠨᠢᠭᠡ ᠳᠤ ᠴᠢᠳᠠᠮᠠᠭᠠᠶ ᠪᠠᠷ ᠰᠤᠷᠤᠯᠴᠠᠵᠤ᠂ ᠥᠪᠡᠷ ᠤᠨ ᠪᠡᠶ᠎ᠡ ᠠᠴᠠ ᠪᠠᠨ ᠳᠠᠪᠠᠭ᠋ᠤ᠃ ᠰᠤᠷᠤᠯᠴᠠᠬᠤ ᠦᠶ᠎ᠡ ᠶᠢᠨ ᠪᠤᠳᠤᠯ ᠢᠶᠠᠷ ᠢᠶᠠᠨ ᠵᠠᠯᠠᠭᠤᠴᠤᠳ ᠤᠨ ᠠᠵᠢᠯ ᠤᠨ ᠳᠤᠮᠳᠠᠬᠢ ᠰᠢᠨ᠎ᠡ ᠠᠰᠠᠭᠤᠳᠠᠯ ᠢ ᠢᠯᠡᠷᠡᠭᠦᠯᠵᠦ᠂ ᠶᠡᠷᠦᠩᠬᠡᠶᠢᠯᠡᠭᠰᠡᠨ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠦᠴᠦᠯᠡᠨ ᠴᠢᠷᠮᠠᠶᠢᠵᠤ ᠠᠵᠢᠯ ᠦᠢᠯᠡᠰ ᠢ ᠪᠦᠲᠦᠭᠡᠵᠦ᠂ ᠠᠵᠢᠯ ᠢᠶᠠᠨ ᠥᠷᠭᠡᠳᠬᠡᠬᠦ ᠬᠡᠷᠡᠭᠲᠡᠶ᠃ ᠵᠠᠩᠭᠢᠯᠠᠭ᠎ᠠ ᠶᠢᠨ ᠦᠶ᠎ᠡ ᠳᠤ ᠰᠢᠪᠲᠤᠯᠤᠨ ᠭᠠᠷᠬᠤ᠂ ᠬᠦᠴᠢᠷ ᠪᠡᠷᠬᠡᠰᠢᠶᠡᠯ ᠤᠨ ᠡᠮᠦᠨ᠎ᠡ ᠤᠬᠤᠷᠢᠬᠤ ᠦᠭᠡᠢ᠂ ᠠᠶᠤᠯ ᠲᠦᠭᠰᠢᠭᠦᠷᠢ ᠲᠠᠢ ᠦᠶ᠎ᠡ ᠳᠤ ᠡᠷᠳᠡᠮ ᠴᠢᠳᠠᠪᠤᠷᠢ ᠪᠠᠨ ᠢᠯᠡᠷᠡᠭᠦᠯᠬᠦ ᠦᠵᠡᠯ ᠰᠠᠨᠠᠭᠠᠨ ᠤ ᠪᠡᠯᠡᠳᠬᠡᠯ ᠲᠠᠢ ᠪᠠᠶᠢᠬᠤ ᠬᠡᠷᠡᠭᠲᠡᠶ᠃ ᠭᠤᠷᠪᠠ ᠳᠤ ᠴᠤᠬ ᠵᠢᠪᠬᠤᠭ᠎ᠠ ᠲᠠᠢ᠂ ᠠᠮᠢᠵᠢᠷᠠᠯ ᠤᠨ ᠬᠦᠴᠦᠨ ᠲᠠᠢ ᠪᠠᠶᠢᠬᠤ ᠬᠡᠷᠡᠭᠲᠡᠶ᠃ ︽ᠳᠥᠷᠪᠡᠨ ᠤᠬᠠᠮᠰᠠᠷ︾᠎ ᠢ ᠢᠮᠠᠭᠲᠠ ᠴᠢᠩᠭᠠᠳᠬᠠᠵᠤ᠂ ︽ᠳᠥᠷᠪᠡᠨ ᠢᠲᠡᠭᠡᠯ︾᠎ ᠢ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3