ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠵᠠᠰᠠᠭ ᠤᠨ ᠣᠷᠳᠣᠨ ᠤ | ᠬᠤᠲᠠ ᠶᠢᠨ ᠳᠠᠷᠤᠭ᠎ᠠ ᠴᠢ ᠹᠧᠢ ᠶᠦᠨ ᠬᠠᠮᠲᠤ ᠪᠠᠷ 2024 ᠣᠨ ᠤ 2 ᠳ᠋ᠤᠭᠠᠷ ᠲᠣᠭᠠᠲᠤ ᠤᠢ ᠰᠢᠭᠤᠢ ᠶᠢᠨ | ᠳᠠᠷᠤᠭ᠎ᠠ ᠶᠢᠨ ᠵᠠᠷᠯᠢᠭ ᠪᠤᠯᠬᠤ ︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ | ᠲᠡᠶᠢᠨ ᠢ ᠰᠠᠶᠢᠲᠤᠷ ᠬᠢᠵᠦ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠤᠬᠠᠢ ᠵᠠᠷᠯᠢᠭ︾ ᠲᠤ ᠭᠠᠷ ᠤᠨ ᠥᠰᠥᠭ ᠵᠢᠷᠤᠵᠤ | ᠲᠠᠷᠬᠠᠭᠠᠪᠠ᠃ | ᠤᠢ ᠰᠢᠭᠤᠢ ᠶᠢᠨ ᠳᠠᠷᠤᠭ᠎ᠠ ᠨᠠᠷ ᠤᠨ ᠬᠠᠷᠢᠭᠤᠴᠠᠯᠭ᠎ᠠ ᠶᠢ ᠴᠢᠩᠭ᠎ᠠ ᠠᠳᠬᠤᠨ ᠪᠣᠳᠠᠲᠠᠶᠢᠵᠢᠭᠤᠯᠬᠤ᠂ | ᠢᠨᠵᠧᠨᠧᠷᠢᠩ ᠤᠨ ᠠᠬᠢᠴᠠ ᠪᠠ ᠶᠠᠰᠤ ᠴᠢᠨᠠᠷ ᠢ ᠴᠢᠩᠭ᠎ᠠ ᠠᠳᠬᠤᠬᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ | ᠮᠣᠳᠣ ᠲᠠᠷᠢᠵᠤ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠡᠯᠧᠮᠧᠨ᠋ᠲ ᠤᠨ ᠪᠠᠲᠤᠯᠠᠭ᠎ᠠ ᠶᠢᠨ | ᠦᠢᠯᠡᠴᠢᠯᠡᠭᠡ ᠶᠢ ᠴᠢᠩᠭᠠᠳᠬᠠᠬᠤ᠂ ᠤᠬᠠᠭᠤᠯᠤᠨ ᠮᠡᠳᠡᠭᠡᠯᠡᠬᠦ ᠠᠵᠢᠯ ᠢ ᠶᠡᠬᠡᠪᠡᠷ ᠥᠷᠨᠢᠭᠦᠯᠬᠦ ᠵᠡᠷᠭᠡ 5 ᠲᠠᠯ᠎ᠠ ᠠᠴᠠ | 2024 ᠣᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠠᠶᠢᠲᠤᠷ ᠰᠢᠢᠳᠪᠦᠷᠢᠯᠡᠵᠦ᠂ | ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠲᠦᠯᠬᠢᠨ ᠠᠬᠢᠭᠤᠯᠬᠤ ᠲᠠᠯ᠎ᠠ ᠪᠠᠷ ᠱᠠᠭᠠᠷᠳᠠᠯᠭ᠎ᠠ ᠳᠤᠷᠠᠳᠪᠠ᠃ | ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠡᠨᠡ ᠵᠢᠯ ᠪᠣᠯ ︽ᠭᠤᠷᠪᠠᠨ ᠤᠮᠠᠷᠠᠳᠤ︾ ᠶᠢᠨ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠥᠷᠨᠢᠭᠦᠯᠬᠦ ᠵᠠᠩᠭᠢᠯᠠᠭ᠎ᠠ ᠶᠢᠨ ᠵᠢᠯ | ᠪᠣᠯᠣᠨ᠎ᠠ᠃ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ | ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠥᠪᠡᠷᠲᠡᠭᠡᠨ ᠵᠠᠰᠠᠬᠤ ᠣᠷᠣᠨ ᠤ 2024 ᠣᠨ ᠤ 2 ᠳ᠋ᠤᠭᠠᠷ ᠲᠣᠭᠠᠲᠤ ᠤᠢ ᠰᠢᠭᠤᠢ ᠶᠢᠨ ᠳᠠᠷᠤᠭ᠎ᠠ ᠶᠢᠨ | ᠶᠡᠷᠦᠩᠬᠡᠢ ᠵᠠᠷᠯᠢᠭ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ︽ᠭᠤᠷᠪᠠᠨ ᠤᠮᠠᠷᠠᠲᠤ︾ | ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ 80 ᠲᠦᠮᠡᠨ ᠮᠦ᠂ | ᠡᠯᠡᠰᠦᠷᠭᠡᠭᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠨ ᠵᠠᠰᠠᠯᠳᠠ ᠶᠢᠨ 25.64 ᠲᠦᠮᠡᠨ ᠮᠦ ᠶᠢ ᠴᠢᠨᠠᠷ ᠰᠠᠶᠢᠳᠠᠢ | ᠪᠡᠶᠡᠯᠡᠭᠦᠯᠵᠦ᠂ ᠤᠮᠠᠷᠠᠲᠤ ᠬᠢᠯᠢ ᠶᠢᠨ ᠡᠪᠳᠡᠷᠡᠰᠢ ᠦᠭᠡᠢ ᠪᠠᠲᠤ ᠪᠠᠬᠢ ᠤᠷᠳᠤ ᠴᠠᠭᠠᠨ ᠬᠡᠷᠡᠮ ᠪᠣᠯᠣᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠨᠠᠷ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ︽ᠭᠤᠷᠪᠠᠨ ᠤᠮᠠᠷᠠᠳᠤ︾ ᠶᠢᠨ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ | ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠡᠭᠦᠷᠭᠡ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠵᠢᠯᠤᠭᠤᠳᠴᠤ᠂ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠣᠶ | ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠯ᠎ᠡ | ᠬᠠᠮᠵᠢᠯᠴᠠᠬᠤ ᠨᠢᠭᠡᠴᠢ ᠨᠢ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠠᠵᠢᠯ ᠤᠨ ᠨᠡᠶᠢᠯᠡᠮᠡᠯ ᠬᠦᠴᠦᠨ ᠢ | ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠢᠨᠵᠧᠨᠧᠷᠢᠩ ᠤᠨ ᠠᠬᠢᠴᠠ ᠪᠣᠯᠣᠨ ᠶᠠᠰᠤ ᠴᠢᠨᠠᠷ ᠢ | ᠴᠢᠩᠭ᠎ᠠ ᠠᠳᠬᠤᠬᠤ ᠬᠡᠷᠡᠭᠲᠡᠢ᠃ 3 ᠰᠠᠷ᠎ᠠ ᠶᠢᠨ 18 ᠤ ᠡᠳᠦᠷ᠂ ᠮᠠᠨ ᠤ ᠬᠤᠲᠠ ᠶᠢᠨ ︽ᠭᠤᠷᠪᠠᠨ ᠤᠮᠠᠷᠠᠳᠤ︾ | ᠶᠢᠨ ᠢᠨᠵᠧᠨᠧᠷᠢᠩ ᠪᠠ ᠡᠯᠡᠰᠦᠷᠭᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠰᠠᠯᠬᠢᠨ ᠴᠠᠬᠢᠯᠭᠠᠨ ᠬᠡᠷᠡᠯ ᠴᠡᠨᠡᠭ ᠢ | ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠢᠶᠠᠨ ᠨᠢᠭᠡᠨᠲᠡ ᠡᠬᠢᠯᠡᠭᠦᠯᠪᠡ᠃ ᠬᠤᠲᠠ᠂ ᠬᠤᠰᠢᠭᠤ ᠰᠢᠶᠠᠨ | ᠬᠤᠶᠠᠷ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠲᠥᠷᠥᠯ ᠵᠦᠢᠯ ᠤᠨ | ᠲᠣᠭᠤᠷᠢᠭ ᠲᠤ ᠭᠦᠨᠵᠡᠭᠡᠶᠢᠷᠡᠨ ᠬᠢᠨᠠᠨ ᠵᠢᠯᠤᠭᠤᠳᠴᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠠ ᠰᠠᠯᠬᠢᠨ | ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠠᠬᠢᠴᠠ ᠲᠦᠷᠭᠡᠨ᠂ ᠶᠠᠰᠤ ᠴᠢᠨᠠᠷ | ᠥᠨᠳᠥᠷ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠭᠤᠣᠯᠳᠠᠯᠭ᠎ᠠ ᠲᠠᠢ ᠳᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠶᠢᠨ | ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠨᠢᠭᠡ ᠬᠡᠰᠡᠭ ᠢ ᠵᠠᠰᠠᠵᠤ᠂ ᠨᠢᠭᠡ | ᠬᠡᠰᠡᠭ ᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠤᠢ ᠰᠢᠭᠤᠢ ᠶᠢᠨ ᠳᠠᠷᠤᠭ᠎ᠠ ᠶᠢᠨ | ᠵᠠᠷᠯᠢᠭ ᠲᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠵᠤ ᠰᠢᠨᠵᠢᠯᠡᠬᠦ ᠤᠬᠠᠭᠠᠨᠴᠢ ᠪᠠᠷ | ᠡᠯᠡᠰᠦᠷᠭᠡᠭᠵᠢᠯ ᠢ ᠵᠠᠰᠠᠬᠤ ᠬᠡᠷᠡᠭᠲᠡᠢ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ | ᠤᠷᠭᠤᠮᠠᠯ ᠡᠯᠡᠰᠦ ᠰᠢᠷᠤᠢ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠶᠢ ᠪᠠᠷᠢᠮᠲᠠᠯᠠᠵᠤ᠂ ᠬᠥᠮᠥᠨ ᠤ | ᠬᠦᠴᠦ ᠪᠠᠷ ᠰᠡᠷᠭᠦᠭᠡᠬᠦ ᠪᠠ ᠠᠶᠠᠨᠳᠠᠭᠠᠨ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠣᠶ ᠰᠢᠭᠤᠢ ᠡᠪᠡᠰᠦ | ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠤᠨ᠂ | ᠲᠤᠬᠠᠢ ᠶᠢᠨ ᠭᠠᠵᠠᠷ ᠤᠨ ᠮᠣᠳᠣᠨ ᠤ ᠦᠷ᠎ᠡ ᠡᠪᠡᠰᠦᠨ ᠦᠷ᠎ᠡ ᠶᠢ ᠰᠣᠩᠭᠤᠨ ᠬᠡᠷᠡᠭᠯᠡᠵᠦ᠂ ᠣᠯᠠᠨ ᠲᠠᠰ | ᠳᠠᠪᠬᠤᠷᠭ᠎ᠠ ᠶᠢᠨ᠂ ᠪᠥᠬᠦ ᠲᠠᠯ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠰᠦᠯᠵᠢᠶ᠎ᠡ ᠶᠢ ᠪᠠᠶᠢᠭᠤᠯᠬᠤ | ᠬᠡᠷᠡᠭᠳᠡᠢ ᠭᠡᠵᠦ ᠱᠠᠭᠠᠷᠳᠠᠪᠠ᠃ | ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ | ᠴᠢᠩᠭᠠᠳᠬᠠᠬᠤ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠬᠠᠮᠢᠶᠠᠷᠤᠨ | ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠬᠢᠨ ᠴᠠᠬᠢᠯᠭᠠᠨ ᠬᠡᠷᠡᠯ ᠴᠡᠨᠡᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠪᠠ ᠡᠯᠡᠰᠦᠷᠭᠡᠭᠵᠢᠭᠰᠡᠨ ᠭᠠᠵᠠᠷ ᠰᠢᠷᠣᠢ ᠶᠢ | ᠶᠡᠷᠦᠩᠬᠡᠶᠢᠯᠡᠨ ᠵᠠᠰᠠᠬᠤ ᠭᠠᠵᠠᠷ ᠰᠢᠷᠣᠢ ᠶᠢᠨ ᠴᠢᠭᠯᠡᠯᠲᠦ ᠬᠡᠮᠵᠢᠭᠳᠡᠬᠦᠨ ᠤ ᠳ᠋ᠠᠶᠢᠲ᠋ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠨᠠᠷᠢᠯᠢᠭ ᠣᠨᠣᠴᠠᠲᠠᠢ ᠪᠠᠷ ᠪᠣᠳᠠᠲᠠᠶᠢᠵᠢᠭᠤᠯᠤᠨ ᠵᠢᠷᠤᠭ ᠲᠤ ᠣᠷᠣᠭᠤᠯᠤᠨ᠎ᠠ᠃ ᠰᠢᠯᠢᠳᠡᠭ ᠦᠷ᠎ᠡ | ᠶᠢᠨ ᠡᠬᠢ ᠪᠠᠶᠠᠯᠢᠭ ᠢ ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ | ᠮᠣᠳᠣᠨ ᠤ ᠬᠦᠷᠢᠶᠡᠯᠡᠩ᠂ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠡᠷᠡᠭᠯᠡᠬᠦ | ᠤᠰᠤ ᠶᠢ ᠵᠦᠢ ᠵᠣᠬᠢᠰᠲᠠᠢ ᠲᠣᠬᠢᠷᠠᠭᠤᠯᠤᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠴᠢᠬᠤᠯᠠ ᠪᠦᠬᠦᠢ ᠣᠶ ᠰᠢᠭᠤᠢ ᠡᠪᠡᠰᠦᠨ ᠤ ᠠᠮᠢ ᠠᠬᠤᠢ ᠶᠢᠨ ᠬᠡᠷᠡᠭᠯᠡᠬᠦ | ᠤᠰᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ ᠨᠠᠶᠢᠷᠠᠭᠤᠯᠤᠨ ᠮᠡᠳᠡᠭᠦᠯᠬᠦ ᠶᠢ ᠵᠣᠬᠢᠶᠠᠨ ᠪᠠᠶᠢᠭᠤᠯᠵᠦ᠂ | ᠲᠥᠪ ᠤᠨ ᠪᠡᠯᠡ ᠣᠷᠣᠭᠤᠯᠤᠯᠲᠠ ᠶᠢ ᠴᠢᠷᠮᠠᠶᠢᠨ ᠣᠯᠵᠤ᠂ ᠣᠷᠣᠨ ᠨᠤᠲᠤᠭ ᠤᠨ ᠡᠳ᠋ ᠤᠨ ᠵᠠᠰᠠᠭ ᠤᠨ | ᠣᠷᠣᠭᠤᠯᠤᠯᠲᠠ ᠶᠢ ᠨᠡᠮᠡᠭᠳᠡᠭᠦᠯᠦᠨ᠂ ᠨᠡᠶᠢᠭᠡᠮ ᠤᠨ ᠬᠥᠷᠥᠩᠭᠡ ᠶᠢ ᠲᠠᠲᠠᠵᠤ᠂ ᠡᠯᠡᠰᠦᠷᠭᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠬᠤ ᠬᠡᠷᠡᠭᠲᠡᠢ᠃ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ | ᠬᠠᠮᠢᠶᠠᠷᠴᠤ ᠬᠠᠮᠠᠭᠠᠯᠠᠬᠤ ᠵᠠᠭᠪᠤᠷ ᠤᠨ ᠰᠢᠨ᠎ᠡ ᠶᠢ ᠡᠭᠦᠳᠬᠦ᠂ ᠥᠷᠭᠡᠨ ᠤᠯᠠᠨ ᠮᠠᠯᠴᠢᠨ ᠲᠠᠷᠢᠶᠠᠴᠢᠨ ᠤ ᠢᠳᠡᠪᠬᠢᠲᠡᠢ | ᠣᠷᠣᠯᠴᠠᠬᠤ ᠶᠢ ᠲᠠᠶᠢᠴᠢᠯᠠᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠤᠬᠠᠭᠤᠯᠤᠨ ᠮᠡᠳᠡᠭᠡᠯᠡᠬᠦ ᠠᠵᠢᠯ ᠢ ᠶᠡᠭᠡ ᠪᠠᠷ ᠥᠷᠨᠢᠭᠦᠯᠬᠦ | ᠬᠡᠷᠡᠭᠲᠡᠢ᠃ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠨᠡᠶᠢᠲᠡᠯᠢᠭ ᠵᠢᠱᠢᠶ᠎ᠡ ᠶᠢ ᠰᠣᠩᠭᠤᠵᠤ | ᠂ ᠺᠠᠳ᠋ᠷ᠂ ᠠᠵᠢᠯᠲᠠᠨ ᠠᠵᠢᠯᠴᠢᠨ ᠤ ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠰᠠᠭᠤᠷᠢᠯᠠᠨ᠂ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠵᠤ᠂ ᠯᠠᠪᠳᠠᠭᠤᠨ ᠪᠠᠲᠤᠲᠠᠢ | ᠠᠵᠢᠯ ᠤᠨ ᠦᠷ᠎ᠡ ᠪᠦᠲᠦᠮᠵᠢ ᠪᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠠᠪᠤᠴᠠ ᠳᠤ ᠭᠠᠪᠢᠶ᠎ᠠ ᠵᠢᠳᠬᠦᠯ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ | ᠃ | | | | ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ |