ᠶᠡᠷᠦ ᠨᠢ ᠰᠠᠶᠢᠨ ᠤᠨᠲᠠᠵᠤ ᠴᠢᠳᠠᠬᠤ ᠦᠭᠡᠢ ᠰᠠᠨᠠᠭᠳᠠᠳᠠᠭ ᠤᠤ︖ ᠣᠷᠣ ᠶᠢᠨ ᠲᠣᠯᠣᠭᠠᠢ ᠳᠤ ᠡᠳᠡᠭᠡᠷ ᠢ ᠲᠠᠯᠪᠢᠭᠰᠠᠨ  ᠤᠤ︖
ᠨᠡᠶᠢᠲᠡᠯᠡᠭᠰᠡᠨ ᠴᠠᠭ᠄
2024/3/4
    ᠣᠳᠣᠬᠠᠨ ᠳᠤ᠂ ᠮᠠᠨ ᠤ ᠤᠯᠤᠰ ᠤᠨ ᠰᠠᠭᠤᠭᠠᠯᠢ ᠠᠷᠠᠳ ᠤᠨ ᠤᠨᠲᠠᠯᠭ᠎ᠠ ᠶᠢᠨ ᠰᠠᠭᠠᠳ ᠵᠢᠴᠢ ᠲᠡᠭᠦᠨ ᠠᠴᠠ ᠪᠣᠯᠤᠭᠰᠠᠨ ᠪᠡᠶ᠎ᠡ ᠰᠡᠳᠬᠢᠯ ᠤᠨ ᠠᠰᠠᠭᠤᠳᠠᠯ ᠡᠳᠦᠷ ᠢᠷᠡᠬᠦᠶ᠎ᠡ ᠳᠤᠪᠤᠶᠢᠮ᠎ᠠ ᠪᠤᠯᠵᠤ ᠪᠠᠶᠢᠨ᠎ᠠ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠪᠠᠷᠤᠭ 4 ᠳ᠋ᠦᠩᠰᠢᠭᠤᠷ ᠬᠥᠮᠦᠨ ᠤᠨᠲᠠᠯᠭ᠎ᠠ ᠶᠢᠨ ᠠᠰᠠᠭᠤᠳᠠᠯ ᠤᠨ ᠭᠠᠴᠢᠭᠳᠠᠯ ᠳᠤ ᠤᠴᠠᠷᠠᠵᠤ ᠪᠠᠶᠢᠨ᠎ᠠ᠃    ᠰᠠᠶᠢᠨ ᠤᠨᠲᠠᠬᠤ ᠨᠢ ᠡᠷᠡᠭᠦᠯ ᠮᠡᠨᠳᠦ ᠶᠢᠨ ᠴᠢᠬᠤᠯᠠ ᠪᠠᠷᠢᠮᠵᠢᠶ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠬᠥᠮᠦᠨ ᠤ ᠪᠡᠶ᠎ᠡ ᠶᠢᠨ ᠥᠪᠡᠷ ᠤᠨ ᠪᠡᠶ᠎ᠡ ᠶᠢᠨ ᠲᠣᠬᠢᠷᠠᠭᠤᠯᠤᠯᠲᠠ᠂ ᠠᠵᠢᠯᠯᠠᠭᠠᠨ ᠤ ᠴᠢᠳᠠᠪᠤᠷᠢ ᠪᠠ ᠣᠶᠤᠨ ᠴᠢᠳᠠᠯ ᠢᠶᠠᠨ ᠰᠡᠷᠭᠦᠭᠡᠬᠦ᠂ ᠡᠪᠡᠳᠴᠢᠨ ᠡᠮᠭᠡᠭ ᠤᠨ ᠠᠶᠤᠯ ᠲᠦᠭᠰᠢᠭᠦᠷᠢ ᠶᠢ ᠬᠤᠷᠢᠭᠯᠠᠬᠤ ᠪᠠ ᠠᠷᠢᠯᠭᠠᠬᠤ ᠴᠢᠬᠤᠯᠠ ᠠᠷᠭ᠎ᠠ ᠵᠠᠮ ᠪᠣᠯᠤᠨ᠎ᠠ᠃    ᠦᠨᠡᠨ ᠳᠡᠭᠡᠨ ᠠᠮᠢᠳᠤᠷᠠᠯ ᠤᠨ ᠳᠤᠮᠳᠠᠬᠢ ᠮᠠᠰᠢ ᠣᠯᠠᠨ ᠵᠢᠵᠢᠭ ᠰᠠᠵᠢᠭ ᠵᠦᠢᠯ ᠨᠢ ᠪᠦᠷ ᠣᠯᠠᠨ ᠤ ᠤᠨᠲᠠᠬᠤ ᠶᠢ ᠨᠥᠯᠥᠭᠡᠯᠡᠳᠡᠭ ᠶᠤᠮ᠃ ᠳᠣᠣᠷ᠎ᠠ ᠪᠢᠳᠡ ᠶᠠᠮᠠᠷ ᠶᠠᠭᠤᠮ᠎ᠠ ᠶᠢ ᠣᠷᠣ ᠶᠢᠨ ᠲᠣᠯᠣᠭᠠᠶ ᠳᠤ ᠲᠠᠯᠪᠢᠵᠤ ᠪᠣᠯᠬᠤ ᠦᠭᠡᠢ ᠭᠡᠳᠡᠭ ᠢ ᠶᠠᠷᠢᠯᠴᠠᠶ᠎ᠠ᠃    1. ᠭᠠᠷ ᠤᠲᠠᠰᠤ    ᠣᠲᠣ ᠦᠶ᠎ᠡ ᠶᠢᠨ ᠠᠮᠢᠳᠤᠷᠠᠯ ᠳᠤᠮᠳᠠ᠂ ᠭᠠᠷ ᠤᠲᠠᠰᠤ ᠨᠢ ᠨᠢᠭᠡᠨᠲᠡ ᠬᠥᠮᠦᠰ ᠤᠨ ᠳᠤᠲᠠᠭᠳᠠᠵᠤ ᠪᠣᠯᠤᠰᠢ ᠥᠬᠡᠶ᠂ ᠡᠷᠬᠡᠪᠰᠢ ᠪᠡᠶ᠎ᠡ ᠳᠡᠭᠡᠨ ᠠᠪᠴᠤ ᠶᠠᠪᠤᠬᠤ ᠴᠢᠬᠤᠯᠠ ᠡᠳ᠋ ᠪᠣᠳᠠᠰ ᠪᠣᠯᠤᠭᠰᠠᠨ ᠪᠠᠶᠢᠨ᠎ᠠ᠃ ᠬᠥᠮᠦᠰ ᠭᠠᠷ ᠤᠲᠠᠰᠤᠨ ᠳᠤ ᠢᠩᠭᠢᠵᠦ ᠲᠦᠰᠢᠭᠯᠡᠵᠦ ᠪᠠᠶᠢᠳᠠᠭ ᠠᠴᠠ ᠰᠡᠳᠬᠢᠴᠡ ᠶᠢᠨ ᠵᠦᠢᠴᠢᠳ ︽ᠭᠠᠷ ᠤᠲᠠᠰᠤᠨ ᠤ ᠲᠤᠬᠠᠶ ᠶᠢᠨ ᠭᠠᠵᠠᠷ ᠤᠨ ᠨᠥᠯᠥᠭᠡᠯᠡᠯ︾ ᠭᠡᠳᠡᠭ ᠤᠬᠠᠭᠳᠠᠬᠤᠨ ᠢ ᠣᠷᠣᠭᠤᠯᠤᠭᠰᠠᠨ ᠪᠠᠶᠢᠨ᠎ᠠ᠃ ᠭᠡᠪᠡᠴᠦ ᠴᠢ ᠮᠡᠳᠡᠨ᠎ᠡ ᠤᠤ︖ ᠤᠨᠲᠠᠬᠤ ᠠᠴᠠ ᠪᠠᠨ ᠡᠮᠦᠨ᠎ᠡ ᠤᠷᠲᠤ ᠬᠤᠭᠤᠴᠠᠭ᠎ᠠ ᠭᠠᠷ ᠤᠲᠠᠰᠤ ᠦᠵᠡᠪᠡᠯ ᠤᠨᠲᠠᠬᠤ ᠴᠢᠨᠠᠷ ᠢ ᠰᠢᠭᠤᠳ ᠨᠥᠯᠥᠭᠡᠯᠡᠨ᠎ᠡ᠃    ᠨᠢᠭᠡ ᠲᠠᠯ᠎ᠠ ᠪᠠᠷ᠂ ᠤᠨᠲᠠᠬᠤ ᠠᠴᠠ ᠪᠠᠨ ᠡᠮᠦᠨ᠎ᠡ ᠭᠠᠷ ᠤᠲᠠᠰᠤ ᠪᠠᠨ ᠦᠵᠡᠬᠦ ᠦᠶ᠎ᠡ ᠳᠤ᠂ ᠭᠠᠷ ᠤᠲᠠᠰᠤᠨ ᠤ ᠳᠡᠯᠭᠡᠴᠡ ᠶᠢᠨ ᠰᠠᠴᠤᠷᠠᠭᠤᠯᠤᠭᠰᠠᠨ ᠬᠡᠷᠡᠯ ᠤᠨ ᠱᠤᠭᠤᠮ᠂ ᠢᠯᠠᠩᠭᠤᠶ᠎ᠠ ᠲᠡᠭᠦᠨ ᠤ ᠳᠣᠲᠣᠷᠠᠬᠢ ᠬᠥᠬᠡ ᠬᠡᠷᠡᠯ ᠨᠢ ᠬᠥᠮᠦᠨ ᠤ ᠲᠠᠷᠢᠬᠢᠨ ᠳᠠᠬᠢ ᠬᠠᠷᠠᠯᠠᠬᠤ ᠡᠳ᠋ ᠤᠨ ᠰᠢᠭᠦᠷᠡᠯᠲᠡ ᠶᠢ ᠨᠥᠯᠥᠭᠡᠯᠡᠳᠡᠭ᠂ ᠬᠠᠷᠢᠨ ᠬᠠᠷᠠᠯᠠᠬᠤ ᠡᠳ᠋ ᠪᠣᠯ ᠤᠨᠲᠠᠬᠤ ᠶᠠᠪᠤᠴᠠ ᠶᠢ ᠡᠬᠢᠯᠡᠭᠦᠯᠬᠦ ᠴᠢᠬᠤᠯᠠ ᠴᠢᠮᠡᠭᠡ ᠳᠠᠮᠵᠢᠭᠤᠯᠤᠭᠴᠢ ᠮᠥᠨ᠃    ᠨᠥᠭᠦᠭᠡ ᠲᠠᠯ᠎ᠠ ᠪᠠᠷ᠂ ᠬᠥᠮᠦᠰ ᠤᠨᠲᠠᠬᠤ ᠠᠴᠠ ᠪᠠᠨ ᠡᠮᠦᠨ᠎ᠡ ᠣᠬᠤᠷ ᠳᠦᠷᠰᠦ ᠰᠢᠩᠭᠡᠭᠡᠯᠲᠡ ᠵᠡᠷᠭᠡ ᠬᠥᠮᠦᠨ ᠢ ᠠᠮᠠᠷᠬᠠᠨ ᠬᠥᠭᠡᠷᠦᠭᠦᠯᠳᠡᠭ ᠠᠭᠤᠯᠭ᠎ᠠ ᠶᠢ ᠭᠦᠶᠦᠯᠭᠡᠨ ᠦᠵᠡᠪᠡᠯ᠂ ᠶᠡᠭᠡ ᠲᠠᠷᠢᠬᠢᠨ ᠳᠤ ᠬᠥᠭᠡᠷᠦᠯᠲᠡ ᠶᠢᠨ ᠴᠢᠨᠠᠷᠲᠠᠶ ᠪᠣᠳᠠᠰ ᠡᠭᠦᠰᠭᠡᠵᠦ᠂ ᠲᠦᠷᠭᠡᠨ ᠤᠨᠲᠠᠬᠤ ᠶᠢᠨ ᠬᠦᠴᠢᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠳᠡᠭ᠃    ᠦᠨᠡᠨ ᠳᠡᠭᠡᠨ ᠰᠠᠶᠢᠨ ᠤᠨᠲᠠᠬᠤ ᠶᠢᠨ ᠲᠥᠯᠥᠭᠡ᠂ ᠣᠯᠠᠨ ᠢᠶᠠᠷ ᠢᠶᠠᠨ ᠤᠨᠲᠠᠬᠤ ᠠᠴᠠ ᠪᠠᠨ ᠨᠢᠭᠡ ᠴᠠᠭ ᠤᠨ ᠡᠮᠦᠨ᠎ᠡ ᠭᠠᠷ ᠤᠲᠠᠰᠤ ᠪᠠᠨ ᠪᠠᠭᠠᠰᠬᠠᠬᠤ ᠪᠤᠶᠤ ᠠᠯᠢ ᠴᠢᠳᠠᠬᠤ ᠪᠠᠷ ᠦᠵᠡᠬᠦ ᠥᠬᠡᠶ ᠪᠠᠶᠢᠪᠠᠯ ᠬᠠᠮᠤᠭ ᠰᠠᠶᠢᠨ᠃ ᠡᠭᠦᠨ ᠤ ᠵᠡᠷᠭᠡ ᠳᠤ ᠭᠠᠷ ᠤᠲᠠᠰᠤ ᠪᠠᠨ ᠣᠷᠣ ᠶᠢᠨ ᠲᠣᠯᠣᠭᠠᠶ ᠠᠴᠠ ᠬᠤᠯᠠ ᠪᠠᠶᠢᠯᠭᠠᠬᠤ ᠨᠢ ᠣᠳᠣ ᠦᠶ᠎ᠡ ᠶᠢᠨ ᠬᠥᠮᠦᠰ ᠤᠨ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠤᠨ ᠨᠢᠭᠡ ᠪᠣᠯᠬᠤ ᠶᠣᠰᠣᠲᠠᠶ᠃    2. ᠡᠯᠧᠺᠲᠷᠣᠨ ᠬᠠᠯᠠᠭᠠᠯᠲᠠ ᠶᠢᠨ ᠰᠢᠮᠠᠭᠤᠯ ᠦᠯᠳᠡᠭᠦᠷ    ᠣᠶᠢᠷ᠎ᠠ ᠶᠢᠨ ᠵᠢᠯ ᠤᠳ ᠲᠤ᠂ ᠮᠠᠰᠢ ᠣᠯᠠᠨ ᠥᠩᠭᠡ ᠥᠬᠡᠶ ᠦᠨᠦᠷ ᠥᠬᠡᠶ ᠡᠯᠧᠺᠲᠷᠣᠨ ᠬᠠᠯᠠᠭᠠᠯᠲᠠ ᠶᠢᠨ ᠰᠢᠮᠠᠭᠤᠯ ᠬᠥᠭᠡᠭᠡᠬᠦ ᠪᠠᠭᠠᠵᠢ ᠨᠢ ᠨᠢᠭᠡᠨᠲᠡ ᠠᠭᠠᠵᠢᠮ ᠢᠶᠠᠷ ᠰᠢᠮᠠᠭᠤᠯ ᠤᠲᠤᠬᠤ ᠬᠦᠵᠢ ᠶᠢ ᠣᠷᠣᠯᠠᠭᠠᠳ᠂ ᠬᠥᠮᠦᠰ ᠤᠨ ᠬᠡᠷ ᠲᠡᠭᠡᠨ ᠰᠢᠮᠠᠭᠤᠯ ᠤᠰᠠᠳᠬᠠᠬᠤ ᠲᠡᠷᠢᠭᠦᠨ ᠰᠣᠩᠭᠤᠯᠲᠠ ᠪᠣᠯᠤᠭᠰᠠᠨ ᠪᠠᠶᠢᠨ᠎ᠠ᠃    ᠡᠯᠧᠺᠲᠷᠣᠨ ᠬᠠᠯᠠᠭᠠᠯᠲᠠ ᠶᠢᠨ ᠰᠢᠮᠠᠭᠤᠯ ᠦᠯᠳᠡᠬᠦ ᠮᠠᠰᠢᠨ ᠨᠢ ᠭᠤᠣᠯᠳᠠᠭᠤ ᠬᠠᠯᠠᠭᠠᠬᠤ ᠪᠠᠷ ᠳᠠᠮᠵᠢᠨ ᠨᠢᠭᠡ ᠪᠦᠯᠦᠭ ᠬᠢᠮᠢ ᠶᠢᠨ ᠪᠣᠳᠠᠰ ᠢ ᠲᠠᠯᠪᠢᠨ ᠭᠠᠷᠭᠠᠵᠤ᠂ ᠰᠢᠮᠠᠭᠤᠯ ᠦᠯᠳᠡᠬᠦ ᠦᠷ᠎ᠡ ᠳ᠋ᠦᠩ ᠳᠤ ᠬᠦᠷᠳᠡᠭ᠃ ᠭᠡᠲᠡᠯ᠎ᠡ ᠵᠠᠷᠢᠮ ᠰᠢᠮᠠᠭᠤᠯ ᠬᠥᠭᠡᠭᠡᠬᠦ ᠡᠷᠬᠡᠲᠡᠨ ᠤ ᠢᠯᠭᠠᠷᠠᠭᠤᠯᠵᠤ ᠭᠠᠷᠭᠠᠭᠰᠠᠨ ᠬᠢᠮᠢ ᠶᠢᠨ ᠪᠣᠳᠠᠰ ᠨᠢ ᠬᠥᠮᠦᠨ ᠤ ᠠᠮᠢᠰᠬᠤᠯ ᠤᠨ ᠰᠢᠰᠲ᠋ᠧᠮ ᠢ ᠨᠥᠯᠥᠭᠡᠯᠡᠵᠦ᠂ ᠬᠠᠮᠠᠷ ᠤᠨ ᠬᠥᠨᠳᠡᠶ ᠪᠤᠶᠤ ᠠᠭᠤᠰᠬᠢᠨ ᠳᠤ ᠬᠠᠷᠰᠢᠮᠠᠲᠠᠭᠠᠶ ᠤᠷᠪᠠᠯ ᠡᠭᠦᠰᠭᠡᠵᠦ᠂ ᠡᠭᠦᠨ ᠤ ᠤᠯᠠᠮ ᠠᠴᠠ ᠬᠠᠮᠠᠷ ᠪᠥᠭᠯᠡᠷᠡᠬᠦ᠂ ᠬᠠᠨᠢᠶᠠᠬᠤ ᠵᠡᠷᠭᠡ ᠡᠪ ᠦᠭᠡᠢ ᠪᠠᠶᠢᠳᠠᠯ ᠢ ᠡᠭᠦᠰᠭᠡᠳᠡᠭ᠃ ᠡᠳᠡᠭᠡᠷ ᠨᠢ ᠪᠦᠷ ᠤᠨᠲᠠᠬᠤ ᠴᠢᠨᠠᠷ ᠢ ᠨᠥᠯᠥᠭᠡᠯᠡᠨ᠎ᠡ᠃    ᠡᠭᠦᠨ ᠠᠴᠠ ᠦᠵᠡᠬᠦ ᠳᠤ᠂ ᠶᠠᠭ ᠰᠠᠶᠢᠬᠠᠨ ᠠᠵᠢᠯᠯᠠᠵᠤ ᠪᠠᠶᠢᠭ᠎ᠠ ᠡᠯᠧᠺᠲᠷᠣᠨ ᠰᠢᠮᠠᠭᠤᠯ ᠦᠯᠳᠡᠬᠦᠷ ᠢ ᠣᠷᠣ ᠶᠢᠨ ᠲᠣᠯᠣᠭᠠᠶ ᠳᠤ ᠲᠠᠯᠪᠢᠪᠠᠯ ᠡᠷᠡᠭᠦᠯ ᠮᠡᠨᠳᠦ ᠪᠠ ᠤᠨᠲᠠᠬᠤ ᠳᠤ ᠲᠦᠢᠯ ᠤᠨ ᠠᠰᠢᠭ ᠦᠭᠡᠢ ᠶᠤᠮ᠃    3. ᠨᠣᠭᠤᠭᠠᠨ ᠤᠷᠭᠤᠮᠠᠯ    ᠴᠥᠭᠡᠨ ᠪᠤᠰᠤ ᠨᠣᠭᠤᠭᠠᠨ ᠤᠷᠭᠤᠮᠠᠯ ᠪᠦᠷ ᠠᠭᠠᠷ ᠢ ᠴᠡᠪᠡᠷᠵᠢᠭᠦᠯᠬᠦ ᠦᠢᠯᠡᠳᠦᠯ ᠲᠠᠢ᠂ ᠵᠢᠱᠢᠶᠡᠯᠡᠪᠡᠯ ᠨᠣᠭᠤᠭᠠᠨ ᠪᠣᠷᠭᠤᠴᠠᠶ᠂ ᠶᠠᠰᠤᠲᠤ ᠮᠡᠯᠡᠬᠡᠶ ᠶᠢᠨ ᠠᠷᠤ ᠳᠠᠬᠢ ᠬᠤᠯᠤᠰᠤ ᠵᠡᠷᠭᠡ ᠪᠣᠢ᠃ ᠭᠡᠪᠡᠴᠦ ᠨᠣᠭᠤᠭᠠᠨ ᠤᠷᠭᠤᠮᠠᠯ ᠰᠥᠨᠢ ᠳᠡᠭᠡᠨ ᠤᠷᠭᠤᠮᠠᠯ ᠤᠨ ᠠᠮᠢᠰᠬᠤᠯ ᠤᠨ ᠦᠢᠯᠡᠳᠦᠯ ᠢᠶᠠᠷ ᠳᠠᠮᠵᠢᠨ ᠬᠦᠴᠢᠯᠲᠥ᠋ᠷᠥᠭᠴᠢ ᠶᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠭᠠᠨ ᠬᠤᠪᠢᠷᠠᠭᠤᠯᠵᠤ᠂ ᠥᠷᠥᠭᠡᠨ ᠤ ᠬᠦᠴᠢᠯᠲᠥ᠋ᠷᠥᠭᠴᠢ ᠶᠢᠨ ᠠᠭᠤᠯᠤᠭᠳᠠᠴᠠ ᠶᠢ ᠪᠠᠭᠤᠷᠠᠭᠤᠯᠳᠠᠭ᠃ ᠡᠨᠡ ᠨᠢ ᠬᠥᠮᠦᠰ ᠤᠨ ᠤᠨᠲᠠᠬᠤ ᠴᠢᠨᠠᠷ ᠢ ᠵᠣᠬᠢᠬᠤ ᠬᠡᠮᠵᠢᠶ᠎ᠡ ᠪᠠᠷ ᠨᠥᠯᠥᠭᠡᠯᠡᠵᠦ ᠮᠡᠳᠡᠨ᠎ᠡ᠃    ᠭᠡᠪᠡᠴᠦ ᠨᠣᠭᠤᠭᠠᠨ ᠥᠩᠭᠡᠲᠡᠶ ᠤᠷᠭᠤᠮᠠᠯ ᠤᠨ ᠡᠳᠦᠷ ᠤᠨ ᠭᠡᠷᠡᠯ ᠤᠨ ᠨᠡᠶᠢᠯᠡᠯᠭᠡ ᠪᠠᠷ ᠳᠠᠮᠵᠢᠨ ᠡᠭᠦᠰᠬᠦ ᠬᠦᠴᠢᠯᠲᠥ᠋ᠷᠥᠭᠴᠢ ᠶᠢᠨ ᠬᠡᠮᠵᠢᠶ᠎ᠡ ᠨᠢ ᠲᠡᠭᠦᠨ ᠤ ᠵᠠᠷᠤᠴᠠᠭᠤᠯᠬᠤ ᠬᠦᠴᠢᠯᠲᠥ᠋ᠷᠥᠭᠴᠢ ᠶᠢᠨ ᠬᠡᠮᠵᠢᠶ᠎ᠡ ᠠᠴᠠ ᠪᠠᠨ ᠬᠤᠯᠠ ᠢᠯᠡᠭᠦᠦ ᠪᠠᠶᠢᠳᠠᠭ᠃    ᠶᠡᠷᠦᠩᠬᠡᠶ ᠳᠤᠨᠢ ᠠᠪᠴᠤ ᠦᠵᠡᠪᠡᠯ᠂ ᠭᠡᠷ ᠲᠡᠭᠡᠨ ᠨᠣᠭᠤᠭᠠᠨ ᠥᠩᠭᠡᠲᠡᠶ ᠤᠷᠭᠤᠮᠠᠯ ᠢ ᠲᠠᠯᠪᠢᠬᠤ ᠨᠢ ᠲᠠᠨᠢᠯᠴᠠᠭᠤᠯᠤᠭᠤᠰᠢᠲᠠᠶ ᠪᠣᠯᠪᠠᠴᠤ ᠤᠨᠲᠠᠬᠤ ᠥᠷᠥᠭᠡᠨ ᠤ ᠣᠷᠣ ᠶᠢᠨ ᠲᠣᠯᠣᠭᠠᠶ ᠳᠤ ᠲᠠᠯᠪᠢᠬᠤ ᠶᠢ ᠰᠠᠨᠠᠭᠠᠴᠢᠯᠠᠬᠤ ᠦᠭᠡᠶ᠃    4. ᠰᠥᠨᠢ ᠶᠢᠨ ᠳ᠋ᠧᠩ    ᠣᠯᠠᠩᠬᠢ ᠭᠡᠷ ᠪᠦᠯᠢ᠂ ᠢᠯᠠᠩᠭᠤᠶ᠎ᠠ ᠬᠡᠦᠬᠡᠳ ᠲᠠᠢ ᠭᠡᠷ ᠪᠦᠯᠢ ᠳᠤ᠂ ᠰᠥᠨᠢ ᠪᠣᠰᠬᠤ ᠳᠤ ᠳᠦᠭᠦᠮ ᠤᠨ ᠲᠥᠯᠥᠭᠡ᠂ ᠬᠥᠮᠦᠰ ᠣᠷᠣ ᠶᠢᠨ ᠲᠣᠯᠣᠭᠠᠶ ᠪᠤᠶᠤ ᠣᠷᠣ ᠶᠢᠨ ᠲᠣᠭᠤᠷᠢᠨ ᠳᠤ ᠰᠥᠨᠢ ᠶᠢᠨ ᠳ᠋ᠧᠩ ᠢᠶᠠᠨ ᠲᠠᠯᠪᠢᠳᠠᠭ᠃ ᠦᠨᠡᠨ ᠳᠡᠭᠡᠨ ᠡᠨᠡ ᠪᠣᠯ ᠲᠦᠢᠯ ᠤᠨ ᠠᠪᠤᠰᠢ ᠦᠭᠡᠢ ᠬᠡᠷᠡᠭ ᠶᠤᠮ᠃    ᠰᠤᠳᠤᠯᠭᠠᠨ ᠤ ᠭᠡᠷᠡᠴᠢᠯᠡᠭᠰᠡᠨ ᠢᠶᠠᠷ᠂ ᠰᠥᠨᠢ ᠤᠨᠲᠠᠬᠤ ᠥᠷᠥᠭᠡᠨ ᠳᠤ ᠳ᠋ᠧᠩ ᠤᠨ ᠭᠡᠷᠡᠯ ᠮᠠᠰᠢ ᠰᠤᠯᠠᠬᠠᠨ ᠪᠠᠶᠢᠭᠰᠠᠨ ᠴᠤ ᠬᠥᠮᠦᠨ ᠤ ᠪᠡᠶ᠎ᠡ ᠶᠢᠨ ᠪᠣᠳᠠᠰ ᠤᠨ ᠰᠣᠯᠢᠯᠴᠠᠭ᠎ᠠ ᠶᠢᠨ ᠲᠦᠪᠰᠢᠨ ᠢ ᠨᠥᠯᠥᠭᠡᠯᠡᠵᠦ᠂ ᠳᠣᠲᠣᠭᠠᠳᠤ ᠰᠢᠭᠦᠷᠡᠯ ᠤᠨ ᠪᠣᠳᠠᠰ ᠤᠨ ᠰᠣᠯᠢᠯᠴᠠᠭ᠎ᠠ ᠶᠢ ᠬᠠᠷᠰᠢᠯᠠᠵᠤ᠂ ᠰᠢᠬᠢᠷ ᠰᠢᠵᠢᠩ ᠡᠪᠡᠳᠴᠢᠨ ᠵᠡᠷᠭᠡ ᠪᠣᠳᠠᠰ ᠤᠨ ᠰᠣᠯᠢᠯᠴᠠᠭ᠎ᠠ ᠶᠢᠨ ᠴᠢᠨᠠᠷᠲᠠᠶ ᠡᠪᠡᠳᠴᠢᠨ ᠤ ᠡᠭᠦᠰᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠡᠭᠦᠨ ᠠᠴᠠ ᠭᠠᠳᠠᠨ᠎ᠠ᠂ ᠰᠥᠨᠢ ᠶᠢᠨ ᠳ᠋ᠧᠩ ᠤᠨ ᠪᠦᠳᠡᠭᠢ ᠳ᠋ᠧᠩ ᠤᠨ ᠬᠡᠷᠡᠯ ᠨᠢ ᠪᠠᠰᠠ ᠨᠦᠢᠷ ᠤᠨ ᠴᠢᠨᠠᠷ ᠢ ᠨᠥᠯᠥᠭᠡᠯᠡᠵᠦ᠂ ᠬᠥᠮᠦᠨ ᠢ ᠠᠮᠠᠷᠬᠠᠨ ᠰᠡᠷᠡᠭᠡᠵᠦ᠂ ᠨᠦᠢᠷ ᠤᠨ ᠪᠦᠲᠦᠴᠡ ᠶᠢ ᠡᠪᠳᠡᠳᠡᠭ᠃    5. ᠠᠩᠬᠢᠯᠤᠮ᠎ᠠ ᠦᠨᠦᠷ ᠢᠶᠠᠷ ᠤᠳᠤᠬᠤ    ᠵᠠᠷᠢᠮ ᠬᠥᠮᠦᠨ ᠤ ᠦᠵᠡᠬᠦ ᠪᠠᠷ ᠠᠩᠬᠢᠯᠤᠮ᠎ᠠ ᠦᠨᠦᠷ ᠨᠢ ᠤᠨᠲᠠᠭᠤᠯᠬᠤ ᠳᠤ ᠲᠤᠰᠠᠲᠠᠶ᠂ ᠤᠨᠲᠠᠬᠤ ᠠᠴᠠ ᠪᠠᠨ ᠡᠮᠦᠨ᠎ᠡ ᠠᠩᠬᠢᠯᠤᠮ᠎ᠠ ᠦᠨᠦᠷ ᠢ ᠨᠣᠴᠣᠭᠠᠬᠤ ᠳᠤᠷᠠᠲᠠᠶ ᠪᠠᠶᠢᠳᠠᠭ᠃ ᠦᠨᠡᠨ ᠳᠡᠭᠡᠨ ᠠᠩᠬᠢᠯᠤᠮ᠎ᠠ ᠦᠨᠦᠷ ᠨᠢ ᠤᠨᠲᠠᠭᠤᠯᠬᠤ ᠳᠤ ᠦᠨᠡᠨ ᠬᠦ ᠲᠤᠰᠠᠲᠠᠶ ᠡᠰᠡᠬᠦ ᠶᠢ ᠣᠳᠣᠬᠠᠨ ᠳᠤ ᠬᠠᠷᠠᠬᠠᠨ ᠨᠤᠲᠠᠯᠠᠭ᠎ᠠ ᠦᠭᠡᠢ ᠪᠠᠶᠢᠭᠰᠠᠭᠠᠷ᠃    ᠭᠡᠪᠡᠴᠦ ᠠᠳᠠᠯᠢ ᠪᠤᠰᠤ ᠠᠩᠬᠢᠯᠤᠮ᠎ᠠ ᠦᠨᠦᠷ ᠤᠨ ᠪᠦᠲᠦᠭᠡᠭᠳᠡᠬᠦᠨ ᠤ ᠪᠦᠷᠢᠯᠳᠦᠬᠦᠨ ᠤ ᠵᠥᠷᠢᠶ᠎ᠡ ᠨᠢ ᠮᠠᠰᠢ ᠶᠡᠭᠡ ᠭᠡᠳᠡᠭ ᠢ ᠨᠤᠲᠠᠯᠠᠵᠤ ᠪᠣᠯᠤᠨ᠎ᠠ᠃ ᠵᠠᠷᠢᠮ ᠠᠩᠬᠢᠯᠤᠮ᠎ᠠ ᠦᠨᠦᠷ ᠤᠨ ᠪᠦᠷᠢᠯᠳᠦᠬᠦᠨ ᠨᠢ ᠤᠨᠲᠠᠭᠤᠯᠬᠤ ᠦᠢᠯᠡᠳᠦᠯ ᠭᠠᠷᠭᠠᠵᠤ ᠳᠡᠶᠢᠯᠬᠦ ᠦᠭᠡᠢ ᠮᠥᠷᠲᠡᠭᠡᠨ ᠬᠠᠷᠢᠨ ᠠᠮᠢᠰᠬᠤᠯ ᠤᠨ ᠵᠠᠮ ᠳᠤ ᠬᠠᠷᠰᠢᠬᠤ ᠮᠡᠲᠦ ᠶᠢᠨ ᠭᠠᠵᠢᠭᠤ ᠤᠷᠪᠠᠯ ᠡᠭᠦᠰᠭᠡᠬᠦ ᠪᠣᠯᠤᠯᠴᠠᠭ᠎ᠠ ᠲᠠᠢ᠃ ᠡᠨᠡ ᠦᠶ᠎ᠡ ᠳᠤ ᠵᠠᠷᠢᠮ ᠠᠩᠬᠢᠯᠤᠮ᠎ᠠ ᠦᠨᠦᠷ ᠤᠨ ᠪᠦᠷᠢᠯᠳᠦᠬᠦᠨ ᠨᠢ ᠤᠨᠲᠠᠭᠤᠯᠬᠤ ᠦᠢᠯᠡᠳᠦᠯ ᠭᠠᠷᠭᠠᠵᠤ ᠳᠡᠶᠢᠯᠬᠦ ᠦᠭᠡᠢ ᠮᠥᠷᠲᠡᠭᠡᠨ ᠠᠮᠢᠰᠬᠤᠯ ᠤᠨ ᠵᠠᠮ ᠳᠤ ᠬᠠᠷᠰᠢᠮᠠᠲᠠᠭᠠᠶ ᠤᠷᠪᠠᠯ ᠡᠭᠦᠰᠬᠦ ᠪᠣᠯᠤᠯᠴᠠᠭ᠎ᠠ ᠲᠠᠢ᠃ ᠡᠶᠢᠮᠦ ᠠᠴᠠ ᠠᠩᠬᠢᠯᠤᠮᠠᠯ ᠦᠨᠦᠷ ᠤᠨ ᠪᠣᠳᠠᠲᠠᠶ ᠪᠦᠷᠢᠯᠳᠦᠬᠦᠨ ᠢ ᠲᠣᠳᠣᠷᠬᠠᠶᠢᠯᠠᠵᠤ ᠳᠡᠶᠢᠯᠬᠦ ᠦᠭᠡᠢ ᠪᠠᠶᠢᠳᠠᠯ ᠳᠣᠣᠷ᠎ᠠ᠂ ᠤᠨᠲᠠᠬᠤ ᠠᠴᠠ ᠪᠠᠨ ᠡᠮᠦᠨ᠎ᠡ ᠠᠩᠬᠢᠯᠤᠮᠠᠯ ᠦᠨᠦᠷ ᠢ ᠠᠰᠠᠭᠠᠬᠤ ᠶᠢ ᠰᠠᠨᠠᠭᠠᠴᠢᠯᠠᠬᠤ ᠦᠭᠡᠢ᠃                                   ᠵᠤᠬᠢᠶᠠᠭᠴᠢ᠄ ᠡᠷᠡᠭᠦᠯ  ᠴᠢᠬᠢᠷᠠᠭ  ᠳᠤᠮᠳᠠᠳᠤ  ᠤᠯᠤᠰ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3